ᠵᠤᠬᠢᠶᠠᠭᠴᠢ:
ᠴᠠᠭ:2024-12-13
ᠥᠵᠡᠭᠰᠡᠨ : ℃
ᠢᠷᠡᠯᠲᠡ:
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠭᠰᠡᠨ ᠣᠶᠢᠯᠠᠯᠭ᠎ᠠ︾ ︵ᠨᠣᠣᠷᠠᠭ︶ ᠶᠢ ᠬᠢᠨᠠᠨ ᠲᠣᠭᠲᠠᠭᠠᠬᠤ ᠬᠤᠷᠠᠯ ᠬᠤᠷᠠᠯᠳᠤᠪᠠ

2024 ᠣᠨ ᠤ 12 ᠰᠠᠷ᠎ᠠ ᠶᠢᠨ 5 ᠤ ᠡᠳᠦᠷ᠂《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠭᠰᠡᠨ ᠣᠶᠢᠯᠠᠯᠭ᠎ᠠ》︵ᠨᠣᠣᠷᠠᠭ︶ ᠶᠢ ᠬᠢᠨᠠᠨ ᠲᠣᠭᠲᠠᠭᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠤᠸᠠᠢ ᠶᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠹᠦ᠋ ᠷᠦᠢ ᠪᠢᠶᠤᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠾᠧ ᠪᠢᠶᠤᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠲᠤᠬᠠᠶᠢᠯᠠᠭᠰᠠᠨ ᠠᠵᠢᠯ ᠤᠨ ᠭᠠᠵᠠᠷ ᠤᠨ ᠠᠵᠢᠯᠲᠠᠨ ᠵᠢᠴᠢ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠨᠡᠶᠢᠲᠡ 20 ᠭᠠᠷᠤᠶ ᠬᠥᠮᠦᠨ ᠬᠤᠷᠠᠯ ᠳᠤ ᠣᠷᠣᠯᠴᠠᠵᠠᠶ᠃
ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠣᠶᠢᠯᠠᠯᠭ᠎ᠠ ᠶᠢᠨ ᠠᠭᠤᠯᠭ᠎ᠠ᠂ ᠭᠠᠷᠴᠠᠭᠯᠠᠯ ᠤᠨ ᠪᠠᠶᠢᠷᠢᠯᠠᠭᠤᠯᠤᠯᠲᠠ᠂ ᠪᠢᠴᠢᠯᠭᠡ ᠂ ᠵᠢᠷᠤᠭ ᠬᠦᠰᠦᠨᠥᠭᠲᠦ ᠭᠡᠷᠡᠯ ᠵᠢᠷᠤᠭ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠶ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠥᠭᠡᠳ ᠭᠦᠶᠴᠡᠳ ᠶᠠᠷᠢᠯᠴᠠᠬᠤ ᠪᠠᠷ ᠳᠠᠮᠵᠢᠨ᠂ ᠬᠢᠨᠠᠨ ᠲᠣᠭᠲᠠᠭᠠᠬᠤ ᠰᠠᠨᠠᠯ ᠢ ᠪᠣᠢ ᠪᠣᠯᠭᠠᠪᠠ᠃
ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ ᠶᠢ ᠨᠠᠶᠢᠷᠠᠭᠤᠯᠬᠤ ᠢᠨᠵᠧᠨᠧᠷᠢᠩ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠤᠰᠬᠠᠶ ᠮᠡᠷᠭᠡᠵᠢᠯᠲᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠶ ᠡᠮᠬᠢᠯᠡᠨ᠂ ᠰᠢᠩᠭᠡᠭᠡᠨ ᠠᠪᠴᠤ᠂ ᠣᠶᠢᠯᠠᠯᠭ᠎ᠠ ᠶᠢᠨ ᠡᠬᠡ ᠪᠢᠴᠢᠭ ᠲᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠷᠲᠡᠬᠡᠨ ᠨᠠᠶᠢᠷᠠᠭᠤᠯᠵᠤ ᠭᠠᠷᠭᠠᠬᠤ ᠪᠠᠷ ᠴᠢᠷᠮᠠᠶᠢᠬᠤ ᠬᠡᠷᠡᠭᠲᠡᠶ᠃《ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ ᠶᠢᠨ ᠴᠤᠪᠤᠷᠠᠯ ᠪᠢᠴᠢᠭ ᠤᠨ ᠶᠠᠰᠤ ᠴᠢᠨᠠᠷ ᠤᠨ ᠪᠠᠷᠢᠮᠵᠢᠶ᠎ᠠ︵ᠲᠤᠷᠰᠢᠨ ᠬᠡᠷᠡᠭᠵᠢᠭᠦᠯᠬᠦ︶》 ᠳᠠᠬᠢ ᠦᠵᠡᠯᠲᠡ᠂ ᠬᠡᠪ ᠲᠢᠭ᠂ ᠮᠠᠲ᠋ᠧᠷᠢᠶᠠᠯ᠂ ᠠᠭᠤᠯᠭ᠎ᠠ᠂ ᠂ ᠪᠢᠴᠢᠯᠭᠡ ᠵᠡᠷᠭᠡ ᠲᠠᠯ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠶᠢᠯᠠᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠨ᠂ ᠰᠣᠳᠣᠨ ᠰᠢᠯᠢᠳᠡᠭ ᠨᠠᠶᠢᠷᠠᠭᠤᠯᠵᠤ ᠭᠠᠷᠭᠠᠬᠤ ᠬᠡᠷᠡᠭᠲᠡᠶ ᠃