ᠵᠤᠬᠢᠶᠠᠭᠴᠢ:
ᠴᠠᠭ:2024-12-20
ᠥᠵᠡᠭᠰᠡᠨ : ℃
ᠢᠷᠡᠯᠲᠡ:
2024 ᠣᠨ ᠳᠤ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠲᠤᠬᠠᠶᠢᠯᠠᠭᠰᠠᠨ ᠠᠵᠢᠯ ᠤᠨ ᠤᠨ ᠠᠩᠭᠢ ᠶᠢ ᠭᠤᠸᠠᠩᠰᠢ ᠶᠢᠨ ᠨᠠᠨᠨᠢᠩ ᠳᠤ ᠡᠷᠬᠢᠯᠡᠪᠡ

2024 11 ᠰᠠᠷ᠎ᠠ ᠶᠢᠨ 24 ᠠᠴᠠ 28 ᠤ ᠡᠳᠦᠷ ᠪᠣᠯᠲᠠᠯ᠎ᠠ᠂ 2024 ᠣᠨ ᠤ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠲᠤᠬᠠᠶᠢᠯᠠᠭᠰᠠᠨ ᠠᠵᠢᠯ ᠤᠨ ᠤᠨ ᠠᠩᠭᠢ ᠶᠢ ᠭᠤᠸᠠᠩᠰᠢ ᠶᠢᠨ ᠨᠠᠨᠨᠢᠩ ᠳᠤ ᠡᠷᠬᠢᠯᠡᠪᠡ᠃

25 ᠤ ᠡᠳᠦᠷ ᠤᠨ ᠦᠳᠡ ᠶᠢᠨ ᠡᠮᠦᠨ᠎ᠡ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠵᠤ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠴᠢᠦ ᠰᠢᠨ ᠯᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠦᠭᠡ ᠬᠡᠯᠡᠵᠦ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠵᠥᠪᠯᠡᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠶᠠᠩ ᡁᠢ ᠴᠢᠶᠠᠩ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢᠶᠠᠩ ᠯᠸᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠦᠭᠡ ᠬᠡᠯᠡᠵᠦ᠂ ᠰᠤᠷᠤᠯᠭ᠎ᠠ ᠡᠬᠢᠯᠡᠬᠦ ᠶᠣᠰᠣᠯᠠᠯ ᠢ ᠯᠢᠶᠠᠩ ᡁᠢ ᠴᠢᠶᠠᠩ ᠡᠷᠭᠢᠯᠡᠪᠡ᠃
ᠴᠢᠦ ᠰᠢᠨ ᠯᠢ ᠶᠠᠷᠢᠶᠠᠨ ᠳᠠᠭᠠᠨ᠂ ᠲᠤᠰ ᠤᠳᠠᠭ᠎ᠠ ᠶᠢᠨ ᠤᠨ ᠵᠣᠷᠢᠯᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠣᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠯᠤᠨ᠂ ᠳᠤᠮᠳᠠᠳᠤ ᠶᠢᠨ ᠰᠣᠶᠣᠯ ᠢ ᠦᠷᠭᠦᠯᠵᠢᠯᠡᠭᠦᠯᠬᠦ᠂ ᠰᠣᠶᠣᠯ ᠤᠨ ᠴᠡᠴᠡᠭᠯᠡᠯ ᠢ ᠠᠬᠢᠭᠤᠯᠬᠤ ᠴᠢᠬᠤᠯᠠ ᠶᠡᠭᠡ ᠡᠭᠦᠷᠭᠡ ᠪᠡᠷ ᠭᠣᠣᠯᠳᠠᠭᠤᠯᠵᠤ᠂ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠪᠦᠳᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ ᠶᠤᠮ ᠭᠡᠵᠡᠢ᠃
ᠯᠢᠶᠠᠩ ᠯᠧᠢ ᠦᠭᠡ ᠬᠡᠯᠡᠬᠦ ᠳᠦ ᠪᠡᠨ ᠭᠤᠸᠠᠩᠰᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠪᠣᠯᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠠᠮᠵᠢᠯᠲᠠ ᠶᠢ ᠨᠠᠷᠢᠨ ᠲᠠᠨᠢᠯᠴᠠᠭᠤᠯᠪᠠ᠃
ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠭᠦᠢᠴᠡᠳᠬᠡᠬᠦ ᠵᠠᠬᠢᠷᠤᠯ᠂ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠸᠠᠩ ᠸᠧᠶ ᠭᠦᠸᠧ《ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠂ ᠤᠯᠤᠰ ᠢᠶᠠᠨ ᠬᠦᠴᠦᠷᠬᠡᠭᠵᠢᠭᠦᠯᠦᠨ ᠰᠡᠷᠭᠦᠭᠡᠨ ᠮᠠᠨᠳᠤᠭᠤᠯᠬᠤ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠤᠶ᠎ᠠ》 ᠰᠧᠴᠤᠸᠠᠨ ᠮᠤᠵᠢ ᠶᠢᠨ ᠮᠦᠽᠧᠶ ᠶᠢᠨ ᠨᠡᠶᠢᠭᠡᠮᠯᠢᠭ ᠤᠨ ᠳᠡᠳ᠋ ᠳᠠᠷᠤᠭ᠎ᠠ᠂ ᠰᠧᠴᠤᠸᠠᠨ ᠮᠦᠽᠧᠶ ᠶᠢᠨ ᠲᠡᠷᠢᠭᠦᠨ ᠲᠤᠰᠬᠠᠶ ᠮᠡᠷᠭᠡᠵᠢᠯᠲᠡᠨ᠂ ᠰᠤᠳᠤᠯᠭᠠᠨ ᠤ ᠭᠠᠵᠠᠷ ᠤᠨ ᠾᠧᠦ ᠱᠢ ᠰᠢᠨ《ᠰᠢᠨ᠎ᠡ ᠪᠠᠶᠢᠳᠠᠯ ᠳᠣᠤᠷᠠᠬᠢ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠠᠵᠢᠯ ᠦᠢᠯᠡᠰ ᠤᠨ ᠬᠥᠭᠵᠢᠯᠲᠡ ᠶᠢᠨ — ᠮᠦᠽᠧᠶ ᠶᠢᠨ ᠬᠥᠭᠵᠢᠯᠲᠡ ᠪᠠᠷ ᠵᠢᠱᠢᠶᠡᠯᠡᠬᠦ ᠨᠢ》᠂ ᠭᠤᠸᠠᠩᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠸᠠᠩ ᠲᠤᠤ 《ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠮᠤᠵᠢ ᠶᠢᠨ ᠪᠠᠶᠢᠳᠠᠯ ᠳᠤ ᠰᠠᠭᠤᠷᠢᠯᠠᠨ᠂ ᠭᠤᠸᠠᠩᠳᠦ᠋ᠩ ᠤᠨ ᠣᠨᠴᠠᠯᠢᠭ ᠪᠥᠬᠦᠶ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠲᠣᠭᠲᠠᠯᠴᠠᠭ᠎ᠠ ᠶᠢ ᠪᠠᠶᠢᠭᠤᠯᠤᠶ᠎ᠠ》᠂ ᠪᠡᠭᠡᠵᠢᠩ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠳᠠᠷᠤᠭ᠎ᠠ ᠯᠢᠦ ᠽᠦᠩ ᠶᠦᠩ《ᠪᠡᠭᠡᠵᠢᠩ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠳᠡᠯᠭᠡᠨ ᠦᠵᠡᠭᠦᠯᠭᠡ ᠶᠢᠨ ᠦᠨᠳᠦᠰᠦᠨ 》᠂ ᠵᠢᠶᠠᠩᠰᠦ ᠮᠤᠵᠢ ᠶᠢᠨ ᠰᠠᠩ ᠤᠨ ᠳᠡᠳ᠋ ᠳᠠᠷᠤᠭ᠎ᠠ ᠱᠧᠨ ᠮᠧᠩ ᠮᠢ《ᠳᠡᠯᠭᠡᠨ ᠦᠵᠡᠭᠦᠯᠬᠦ ᠬᠡᠯᠪᠡᠷᠢ ᠪᠠᠷ ᠣᠷᠣᠨ ᠨᠤᠲᠤᠭ ᠤᠨ ᠣᠶᠢᠯᠠᠯᠭ᠎ᠠ ᠶᠢ ᠨᠡᠭᠡᠭᠡᠵᠦ᠂ ᠣᠷᠣᠨ ᠨᠤᠲᠤᠭ ᠤᠨ ᠣᠶᠢᠯᠠᠯᠭ᠎ᠠ ᠶᠢᠨ ᠬᠠᠷᠠᠭᠠᠰᠤ ᠪᠠᠷ ᠳᠡᠯᠭᠡᠨ ᠦᠵᠡᠭᠦᠯᠦᠶ᠎ᠡ》ᠭᠡᠬᠦ ᠰᠡᠳᠦᠪ ᠢᠶᠡᠷ ᠬᠢᠴᠢᠶᠡᠯ ᠃
ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠬᠠᠲᠤᠨ ᠭᠤᠤᠯ ᠬᠤᠪᠢᠶᠠᠷᠢ ᠰᠠᠩ᠂ ᠭᠤᠸᠠᠩᠰᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ᠂ ᠴᠧᠩᠳᠦ᠋ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ᠂ ᠳ᠋ᠦᠩ ᠭᠤᠸᠠᠨ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ᠂ ᠬᠦ ᠵᠸᠦ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ᠂ ᠢᠴᠠᠩ ᠤᠨ ᠣᠶᠢᠯᠠᠯᠭ᠎ᠠ ᠶᠢᠨ ᠰᠠᠩ ᠵᠡᠷᠭᠡ 6 ᠣᠷᠣᠨ ᠨᠤᠲᠤᠭ ᠤᠨ ᠣᠶᠢᠯᠠᠯᠭ᠎ᠠ ᠶᠢᠨ ᠰᠠᠩ《ᠡᠯ᠎ᠡ ᠱᠠᠲᠤᠨ ᠤ ᠡᠯ᠎ᠡ ᠲᠥᠷᠥᠯ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠪᠥᠲᠥᠭᠡᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠮᠵᠢ ᠶᠢ ᠭᠦᠶᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠥᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ》 ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠦᠭᠡ ᠬᠡᠯᠡᠪᠡ᠃

ᠲᠣᠰ ᠤᠳᠠᠭᠠᠨ ᠤ ᠤᠨ ᠠᠩᠭᠢ ᠶᠢ ᠳᠤᠭᠤᠶᠢᠯᠠᠩ ᠬᠤᠪᠢᠶᠠᠨ ᠶᠠᠷᠢᠯᠴᠠᠭᠤᠯᠵᠤ᠂ ᠪᠥᠬᠦ ᠰᠤᠷᠤᠭᠴᠢᠳ ᠢ ᠲᠠᠪᠤᠨ ᠳᠤᠭᠤᠶᠢᠯᠠᠩ ᠬᠤᠪᠢᠶᠠᠨ ᠲᠥᠪᠯᠡᠷᠡᠭᠦᠯᠦᠨ ᠭᠦᠨᠵᠡᠭᠡᠶ ᠰᠤᠷᠤᠯᠴᠠᠭᠤᠯᠤᠨ ᠰᠣᠯᠢᠯᠴᠠᠭᠤᠯᠪᠠ᠃
ᠤᠨ ᠬᠤᠭᠤᠴᠠᠭᠠᠨ ᠳᠤ᠂ ᠳᠤ ᠣᠷᠣᠯᠴᠠᠭᠰᠠᠨ ᠭᠤᠸᠠᠩᠰᠢ ᠶᠢᠨ ᠦᠨᠳᠦᠰᠦᠲᠡᠨ ᠤ ᠮᠦᠽᠧᠶ᠂ ᠭᠤᠸᠠᠩᠰᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠳᠤ ᠬᠦᠷᠴᠦ ᠲᠤᠬᠠᠶ ᠶᠢᠨ ᠭᠠᠵᠠᠷ ᠂ ᠮᠦᠽᠧᠶ᠂ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠨ ᠪᠠᠶᠢᠴᠠᠭᠠᠪᠠ᠃

ᠴᠢᠦ ᠰᠢᠨ ᠯᠢ ᠳ᠋ᠦᠩᠨᠡᠯᠲᠡ ᠶᠢᠨ ᠶᠠᠷᠢᠶᠠᠨ ᠳᠠᠭᠠᠨ᠂ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠳᠥᠷᠪᠡᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠦᠵᠦ ᠵᠢᠷᠤᠭ ᠲᠥᠯᠥᠪᠯᠡᠭᠡ ᠬᠢᠬᠦ ᠶᠢ ᠴᠢᠩᠭᠠᠳᠬᠠᠬᠤ ᠬᠡᠷᠡᠭᠲᠡᠢ᠂ ᠬᠤᠶᠠᠷ ᠲᠤ᠂ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠂ ᠭᠤᠷᠪᠠ ᠳᠤ᠂ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ ᠤᠨᠤᠯ ᠤᠨ ᠰᠤᠳᠤᠯᠭᠠᠨ ᠢ ᠴᠢᠩᠭᠠᠳᠬᠠᠬᠤ ᠬᠡᠷᠡᠭᠲᠡᠢ᠂ ᠲᠦᠷᠪᠡ ᠳᠤ᠂ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠰᠤᠷᠤᠯᠭ᠎ᠠ ᠲᠡᠭᠦᠰᠬᠦ ᠶᠣᠰᠣᠯᠠᠯ ᠢ ᠲᠠᠩ ᠵᠦᠩ ᠡᠷᠬᠢᠯᠡᠪᠡ ᠃
ᠲᠠᠪᠤᠨ ᠳᠤᠭᠤᠶᠢᠯᠠᠩ ᠤᠨ ᠲᠥᠯᠥᠭᠡᠯᠡᠭᠴᠢ ᠲᠣᠰ ᠲᠣᠰ ᠳᠤᠭᠤᠶᠢᠯᠠᠩ ᠬᠤᠪᠢᠶᠠᠨ ᠶᠠᠷᠢᠯᠴᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃

ᠲᠤᠰ ᠤᠳᠠᠭᠠᠨ ᠤ ᠪᠣᠯᠪᠠᠰᠤᠷᠠᠭᠤᠯᠤᠯ ᠢ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠠᠴᠠ ᠭᠣᠤᠯᠯᠠᠨ ᠡᠷᠬᠢᠯᠡᠵᠦ᠂ ᠭᠤᠸᠠᠩᠰᠢ ᠶᠢᠨ ᠵᠤᠸᠠᠩ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠵᠥᠪᠯᠡᠯ ᠦᠨ ᠠᠯᠪᠠᠨ ᠭᠡᠷ ᠳᠠᠭᠠᠭᠠᠨ ᠡᠷᠬᠢᠯᠡᠪᠡ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲᠤᠸᠠᠨ ᠤ ᠣᠶᠢᠯᠠᠯᠭ᠎ᠠ ᠶᠢᠨ ᠠᠯᠪᠠᠨ ᠭᠡᠷ᠂ ᠳᠡᠳ᠋ ᠮᠤᠵᠢ ᠶᠢᠨ ᠱᠠᠲᠤᠨ ᠤ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ 160 ᠭᠠᠷᠤᠶ ᠪᠣᠯᠪᠠᠰᠤᠷᠠᠭᠤᠯᠤᠯ ᠳᠤ ᠣᠷᠣᠯᠴᠠᠪᠠ᠃