ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ:
︽ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ︾ ᠶᠢ ᠠᠵᠢᠯ ᠢ ᠠᠬᠢᠭᠤᠯᠬᠤ ᠬᠤᠷᠠᠯ ᠵᠢᠴᠢ ᠲᠤᠬᠠᠶᠢᠯᠠᠭᠰᠠᠨ ᠠᠵᠢᠯ ᠤᠨ ᠤᠨ ᠠᠩᠭᠢ ᠡᠷᠬᠢᠯᠡᠪᠡ
2025 3 ᠰᠠᠷ᠎ᠠ ᠶᠢᠨ 19 ᠤ ᠡᠳᠦᠷ᠂《ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ》 ᠶᠢ ᠠᠵᠢᠯ ᠢ ᠠᠬᠢᠭᠤᠯᠬᠤ ᠬᠤᠷᠠᠯ ᠢ ᠬᠤᠷᠠᠯᠳᠤᠭᠰᠠᠨ ᠵᠢᠴᠢ ᠲᠤᠬᠠᠶᠢᠯᠠᠭᠰᠠᠨ ᠠᠵᠢᠯ ᠤᠨ ᠤᠨ ᠠᠩᠭᠢ ᠶᠢ ᠪᠡᠭᠡᠵᠢᠩ ᠳᠤ ᠡᠷᠬᠢᠯᠡᠪᠡ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ 《ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ》 ᠶᠢ ᠨᠠᠶᠢᠷᠠᠭᠤᠯᠬᠤ ᠵᠥᠪᠯᠡᠯ ᠤᠨ ᠡᠷᠬᠢᠯᠡᠭᠴᠢ ᠭᠤᠤ ᠰᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ 《ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ》 ᠶᠢ ᠨᠠᠶᠢᠷᠠᠭᠤᠯᠬᠤ ᠠᠵᠢᠯ ᠢ ᠴᠢᠨᠠᠷ ᠰᠠᠶᠢᠲᠠᠶ ᠠᠬᠢᠭᠤᠯᠵᠤ᠂ ᠣᠳᠣ ᠦᠶ᠎ᠡ ᠶᠢᠨ ᠬᠢᠨ ᠳᠦ ᠢᠲᠡᠭᠡᠭᠦᠯᠵᠦ ᠬᠣᠶᠢᠴᠢ ᠦᠶ᠎ᠡ ᠶᠢᠨ ᠬᠢᠨ ᠳᠦ ᠤᠯᠠᠮᠵᠢᠯᠠᠬᠤ ᠰᠣᠳᠣᠨ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ ᠤᠤᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂《ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ》 ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠯᠢᠦ ᠶᠦᠩ ᠹᠦ᠋᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠸᠠᠩ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠧᠨ ᠵᠠᠨ ᠮᠢᠨ ᠬᠤᠷᠠᠯ ᠢ ᠡᠷᠬᠢᠯᠡᠪᠡ᠃

ᠭᠤᠤ ᠰᠢᠶᠠᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠦᠷᠦ ᠶᠢ ᠵᠠᠰᠠᠵᠦ ᠵᠠᠰᠠᠭ ᠢ ᠡᠷᠬᠢᠯᠡᠬᠦ ᠶᠢᠨ ᠲᠤᠪᠤᠶᠢᠮ᠎ᠠ ᠪᠠᠶᠢᠷᠢᠨ ᠳᠤ ᠲᠠᠯᠪᠢᠵᠦ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠶᠢᠴᠢᠯᠠᠵᠦ᠂ ᠬᠦᠮᠦᠨ ᠲᠦᠷᠦᠯᠬᠢᠳᠡᠨ ᠤ ᠲᠡᠤᠬᠡᠨ ᠲᠡᠭᠡᠷᠡᠬᠢ ᠬᠡᠪᠴᠢᠶ᠎ᠠ ᠪᠠᠷ ᠬᠠᠮᠤᠭ ᠤᠨ ᠶᠡᠭᠡ᠂ ᠡᠷᠴᠢᠮ ᠨᠢ ᠤᠷᠢᠳ ᠡᠮᠦᠨ᠎ᠡ ᠪᠠᠶᠢᠭ᠎ᠠ ᠦᠭᠡᠢ᠂ ᠠᠯᠤᠰ ᠭᠡᠳᠤ ᠶᠢᠨ ᠨᠦᠯᠦᠬᠡ ᠲᠠᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠵᠤᠬᠢᠶᠠᠨ ᠪᠠᠶᠢᠭᠤᠯᠤᠨ ᠶᠠᠪᠤᠭᠳᠠᠭᠤᠯᠵᠦ᠂ ᠯᠠᠰᠢᠭᠦᠢ ᠶᠠᠳᠠᠭᠤ ᠬᠦᠴᠢᠷᠳᠡᠯᠳᠠᠢ ᠠᠰᠠᠭᠤᠳᠠᠯ ᠢ ᠲᠡᠤᠭᠡᠳᠦ ᠴᠢᠨᠠᠷᠳᠠᠢ ᠪᠠᠷ ᠰᠢᠢᠳᠪᠤᠷᠢᠯᠡᠵᠦ᠂ ᠬᠦᠮᠦᠨ ᠲᠦᠷᠦᠯᠬᠢᠳᠡᠨ ᠤ ᠲᠡᠤᠬᠡᠨ ᠲᠡᠭᠡᠷᠡᠬᠢ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠭᠰᠡᠨ ᠢᠷᠠᠭᠤ ᠭᠠᠶᠢᠬᠠᠮᠰᠢᠬᠳᠦ ᠲᠤᠤᠯᠢᠰ ᠢ ᠪᠢᠴᠢᠭᠯᠡᠭᠰᠡᠨ ᠪᠠᠶᠢᠨ᠎ᠠ᠂ ᠡᠨᠡ ᠨᠢ ᠲᠡᠤᠭᠡ ᠶᠢ ᠮᠠᠨᠳᠤᠭᠤᠯᠤᠭᠰᠠᠨ ᠥᠨᠢ ᠡᠭᠦᠷᠢᠳᠡ ᠶᠢᠨ ᠠᠭᠤᠤ ᠦᠢᠯᠡᠰ ᠪᠤᠯᠤᠨ᠎ᠠ᠃ 《ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠣᠶᠢᠯᠠᠯᠭ᠎ᠠ》 ᠶᠢ ᠂ ᠰᠢᠨ᠎ᠡ ᠳᠤᠮᠳᠠᠳᠤ ᠤᠯᠤᠰ ᠤᠨ ᠶᠠᠳᠠᠭᠤ ᠶᠢ ᠲᠡᠳᠬᠦᠭᠰᠡᠨ ᠥᠩᠭᠡᠷᠡᠯᠲᠡ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ᠂ ᠰᠢᠰᠲ᠋ᠧᠮ ᠲᠠᠢ᠂ ᠪᠤᠰᠤᠳᠴᠢ᠂ ᠣᠨᠣᠪᠴᠢᠲᠠᠶ ᠪᠣᠯ ᠰᠢᠨ᠎ᠡ ᠴᠠᠭ ᠦᠶ᠎ᠡ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯᠲᠠᠨ ᠤ ᠵᠠᠶᠢᠯᠠᠭᠤᠯᠵᠤ ᠪᠣᠯᠤᠰᠢ ᠥᠬᠡᠶ ᠲᠡᠦᠬᠡᠲᠦ ᠡᠭᠦᠷᠭᠡ ᠪᠠ ᠤᠯᠤᠰ ᠲᠥᠷᠥ ᠶᠢᠨ ᠬᠠᠷᠢᠭᠤᠴᠠᠯᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠨᠡᠨ ᠪᠣᠳᠠᠲᠠᠢ ᠪᠠᠶᠢᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠨᠠᠶᠢᠷᠠᠭᠤᠯᠬᠤ ᠠᠬᠢᠴᠠ ᠪᠠᠨ ᠲᠦᠷᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠡᠨᠡᠬᠦ ᠠᠤᠭ᠎ᠠ ᠢᠨᠵᠧᠨᠧᠷᠢᠩ ᠳᠤ ᠪᠦᠬᠦ ᠬᠦᠴᠦᠨ ᠢᠶᠠᠷ ᠢᠶᠠᠨ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠣᠷᠣᠨ ᠨᠤᠲᠤᠭ ᠤᠨ ᠣᠶᠢᠯᠠᠯᠭ᠎ᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠪᠥᠭᠡᠳ ᠶᠠᠳᠠᠭᠤ ᠶᠢ ᠲᠡᠳᠬᠦᠬᠦ ᠠᠵᠢᠯ ᠤᠨ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠨᠥᠬᠦᠳ᠂ ᠬᠡᠰᠡᠭ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠵᠢᠴᠢ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠤᠨ ᠲᠤᠰᠬᠠᠶ ᠮᠡᠷᠭᠡᠵᠢᠯᠲᠡᠨ ᠡᠷᠳᠡᠮᠲᠡᠳ ᠬᠤᠷᠠᠯ ᠳᠤ ᠣᠷᠣᠯᠴᠠᠵᠠᠢ᠃