ᠵᠤᠬᠢᠶᠠᠭᠴᠢ:
ᠴᠠᠭ:2025-04-03
ᠥᠵᠡᠭᠰᠡᠨ : ℃
ᠢᠷᠡᠯᠲᠡ: ︽ ︵1991—2010︶︾
ᠰᠢᠯᠢ ᠶᠢᠨ ᠬᠤᠲᠠ ᠶᠢᠨ ᠨᠥᠭᠴᠢᠭᠰᠡᠨ ᠪᠠᠭᠠᠲᠤᠷᠴᠤᠳ ᠤᠨ ᠪᠣᠩᠬᠤᠨ ᠤ ᠬᠦᠷᠢᠶᠡᠯᠡᠩ

ᠰᠢᠯᠢ ᠶᠢᠨ ᠬᠤᠲᠠ ᠶᠢᠨ ᠨᠥᠭᠴᠢᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠶᠢᠨ ᠨᠠᠭᠠᠳᠤᠮ ᠶᠡᠭᠡ ᠵᠡᠭᠡᠯᠢ ᠶᠢᠨ ᠳ᠋ᠦᠩ ᠲᠸᠤ ᠵᠠᠮ ᠤᠨ ᠬᠤᠶᠢᠨ᠎ᠠ ᠪᠠᠶᠢᠷᠢᠯᠠᠵᠤ ᠪᠤᠢ᠃ ᠡᠮᠦᠨᠡᠰᠢ ᠤᠮᠠᠷᠠᠰᠢ 200 ᠮᠧᠲᠷ᠂ ᠲᠠᠯᠠᠪᠠᠢ ᠨᠢ 30000 ᠲᠡᠭᠰᠢ ᠳᠥᠷᠪᠡᠯᠵᠢᠨ ᠮᠧᠲᠷ᠃ ᠨᠥᠭᠴᠢᠭᠰᠡᠨ ᠪᠠᠭᠠᠲᠤᠷᠴᠤᠳ ᠤᠨ ᠱᠤᠪᠤᠭᠤᠷ ᠬᠡᠯᠪᠡᠷᠢᠲᠠᠢ᠂15 ᠮᠧᠲ᠋ᠷ ᠥᠨᠳᠥᠷ ᠬᠥᠰᠢᠶ᠎ᠡ ᠶᠢ 2005 ᠣᠨ ᠳᠤ ᠪᠠᠶᠢᠭᠤᠯᠵᠤ᠂ ᠦᠷᠡᠭᠳᠡᠭᠰᠡᠨ ᠪᠠᠭᠠᠲᠤᠷᠴᠤᠳ ᠤᠨ ᠬᠥᠰᠢᠶ᠎ᠡ ᠶᠢᠨ ᠵᠡᠭᠦᠨ ᠡᠮᠦᠨ᠎ᠡ ᠪᠠ ᠪᠠᠷᠠᠭᠤᠨ ᠡᠮᠦᠨ᠎ᠡ ᠲᠠᠯ᠎ᠠ ᠳᠤ ᠲᠤᠰ ᠪᠦᠷᠢ ᠮᠣᠩᠭᠣᠯ ᠬᠢᠲᠠᠳ ᠦᠰᠦᠭ ᠢᠶᠡᠷ ᠤᠯᠠᠭᠠᠨᠬᠦᠦ ᠶᠢᠨ᠄《ᠬᠤᠪᠢᠰᠬᠠᠯ ᠤᠨ ᠲᠥᠯᠥᠭᠡ ᠨᠥᠭᠴᠢᠭᠰᠡᠨ ᠪᠠᠭᠠᠲᠤᠷᠴᠤᠳ ᠦᠨᠢᠳᠡ ᠪᠠᠯᠠᠷᠠᠰᠢ ᠦᠭᠡᠶ — ᠤᠯᠠᠭᠠᠨᠬᠦᠦ — 1979 ᠣᠨ ᠤ 9 ᠰᠠᠷ᠎ᠠ》ᠭᠡᠰᠡᠨ ᠪᠢᠴᠢᠭᠡᠰᠦ ᠶᠢ ᠰᠡᠶᠢᠯᠦᠭᠰᠡᠨ ᠃
1957 ᠣᠨ ᠳᠤ ᠰᠢᠯᠢ ᠶᠢᠨ ᠬᠤᠲᠠ ᠶᠢᠨ ᠤᠤᠯ ᠤᠨ ᠵᠢᠶᠧᠹᠠᠩ ᠵᠠᠮ ᠤᠨ ᠡᠮᠦᠨ᠎ᠡ ᠲᠠᠯ᠎ᠠ ᠳᠦ ᠨᠥᠭᠴᠢᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠰᠢᠨ᠎ᠡ ᠪᠡᠷ ᠪᠠᠶᠢᠭᠤᠯᠵᠠᠢ᠃ 1977 ᠣᠨ ᠳᠤ ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠢᠴᠢᠭ ᠮᠠᠲ᠋ᠧᠷᠢᠶᠠᠯ ᠪᠠᠭᠤᠯᠭᠠᠨ 300952 ᠲᠥᠭᠦᠷᠢᠭ ᠰᠠᠯᠭᠠᠨ ᠥᠭᠴᠦ ᠡᠷᠳᠡᠨᠢ ᠲᠣᠯᠣᠭᠠᠢ ᠣᠪᠣᠭᠠᠨ ᠳᠡᠭᠡᠷ᠎ᠡ ᠨᠥᠭᠴᠢᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠳᠠᠬᠢᠨ ᠪᠠᠶᠢᠭᠤᠯᠬᠤ ᠶᠢᠨ ᠬᠠᠮᠲᠤ ᠤᠤᠯ ᠤᠨ ᠵᠤᠯᠵᠠᠭ᠎ᠠ ᠮᠣᠳᠣᠨ ᠤ ᠬᠦᠷᠢᠶᠡᠯᠡᠩ ᠤᠨ 11 ᠨᠥᠭᠴᠢᠭᠰᠡᠨ ᠪᠠᠭᠠᠲᠤᠷᠴᠤᠳ ᠤᠨ ᠴᠢᠨᠳᠠᠷ ᠢ ᠣᠷᠣᠰᠢᠭᠤᠯᠵᠤ᠂ 1982 ᠣᠨ ᠳᠤ ᠪᠠᠷᠢᠯᠭ᠎ᠠ ᠳᠠᠭᠤᠰᠤᠭᠰᠠᠨ ᠪᠠᠶᠢᠨ᠎ᠠ᠃ ᠥᠨᠥ ᠶᠢᠨ ᠨᠥᠭᠴᠢᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠪᠣᠯ 2002 ᠣᠨ ᠳᠤ ᠡᠷᠳᠡᠨᠢ ᠲᠣᠯᠣᠭᠠᠢ ᠣᠪᠣᠭ᠎ᠠ ᠠᠴᠠ ᠨᠡᠭᠦᠯᠭᠡᠵᠦ ᠠᠪᠴᠢᠷᠠᠭᠠᠳ ᠳᠠᠬᠢᠨ ᠪᠠᠶᠢᠭᠤᠯᠤᠭᠰᠠᠨ ᠶᠤᠮ᠃ ᠰᠢᠯᠢ ᠶᠢᠨ ᠬᠤᠲᠠ ᠶᠢᠨ ᠨᠥᠭᠴᠢᠭᠰᠡᠨ ᠪᠠᠭᠠᠲᠤᠷᠴᠤᠳ ᠤᠨ ᠪᠣᠩᠬᠤᠨ ᠤ ᠬᠦᠷᠢᠶᠡᠯᠡᠩ ᠨᠢ ᠣᠲᠣ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠥᠭᠴᠢᠭᠰᠡᠨ ᠪᠠᠭᠠᠲᠤᠷᠴᠤᠳ ᠢ ᠳᠤᠷᠠᠰᠬᠠᠬᠤ ᠪᠠᠷᠢᠯᠭ᠎ᠠ ᠶᠢᠨ ᠭᠤᠤᠯᠳᠠᠯᠭ᠎ᠠ ᠲᠠᠢ ᠬᠠᠮᠠᠭᠠᠯᠠᠯᠲᠠ ᠶᠢᠨ ᠨᠢᠭᠡᠴᠢ》᠂ ᠥᠪᠡᠷᠲᠡᠭᠡᠨ ᠵᠠᠰᠠᠬᠤ ᠣᠷᠣᠨ ᠤ ᠲᠠᠰ ᠤᠨ《ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ》ᠪᠣᠯᠤᠨ᠎ᠠ᠃