ᠵᠤᠬᠢᠶᠠᠭᠴᠢ:
ᠴᠠᠭ:2025-07-07
ᠥᠵᠡᠭᠰᠡᠨ : ℃
ᠢᠷᠡᠯᠲᠡ:
《ᠲᠡᠦᠬᠡ ᠪᠡᠷ ᠬᠣᠲᠠ ᠶᠢ ᠤᠭ ᠰᠠᠨᠠᠭ᠎ᠠ ᠪᠠᠨ ᠵᠣᠷᠢᠭᠵᠢᠭᠤᠯᠬᠤ ᠢᠷᠡᠭᠡᠳᠦᠶ ᠶᠢ 》 ᠭᠡᠬᠦ ᠭᠣᠣᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ
ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠦᠨ ᠣᠶ ᠶᠢ ᠪᠡᠯᠭᠡᠯᠡᠨ᠂ ᠲᠥᠪ ᠦᠨ ᠵᠦᠢᠯ ᠦᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠪᠠ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠥᠭᠵᠢᠭᠦᠯᠵᠦ᠂ ᠲᠡᠦᠬᠡ ᠣᠶᠢᠯᠠᠯᠭ᠎ᠠ ᠶᠢᠨ ᠰᠣᠶᠣᠯ ᠤᠨ《ᠳᠤᠯᠤᠭ᠎ᠠ ᠳᠤ ᠣᠷᠣᠭᠤᠯᠬᠤ》ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ 2025 ᠣᠨ ᠤ 6 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠲᠠᠰᠤᠭ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ᠂ ᠠᠯᠪᠠᠨ ᠭᠡᠷ᠂ ᠠᠶᠢᠮᠠᠭ ᠬᠤᠳᠠ ᠶᠢᠨ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ᠂ ᠰᠤᠳᠤᠯᠭᠠᠨ ᠤ ᠨᠢᠭᠡᠳᠦᠭᠡᠷ ᠭᠠᠵᠠᠷ ᠤᠨ ᠨᠠᠮ ᠤᠨ ᠡᠭᠦᠷ ᠪᠣᠯᠤᠨ ᠲᠠᠰᠤᠭ ᠤᠨ ᠵᠠᠯᠠᠭᠤᠴᠤᠳ ᠤᠨ ᠠᠵᠢᠯ ᠤᠨ ᠵᠥᠪᠯᠡᠯ ᠨᠢ ᠬᠥᠬᠡᠬᠣᠲᠠ ᠶᠢᠨ ᠳᠠᠩᠰᠠ ᠡᠪᠬᠡᠮᠡᠯ ᠦᠨ ᠲᠡᠦᠬᠡ ᠣᠶᠢᠯᠠᠯᠭ᠎ᠠ ᠶᠢᠨ ᠰᠠᠩ ᠲᠠᠶ ᠬᠠᠮᠲᠤᠷᠠᠨ《ᠲᠡᠦᠬᠡ ᠪᠡᠷ ᠲᠤᠯᠢ ᠪᠣᠯᠭᠠᠵᠤ ᠬᠤᠳᠠ ᠶᠢ ·ᠤᠬ ᠰᠠᠨᠠᠭ᠎ᠠ ᠪᠠᠨ ᠵᠣᠷᠢᠭᠵᠢᠭᠤᠯᠬᠤ· ᠢᠷᠡᠭᠡᠳᠦᠢ ᠶᠢ ᠰᠡᠩᠬᠡᠷᠡᠭᠦᠯᠬᠦ》ᠭᠣᠣᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ ᠥᠷᠨᠢᠭᠦᠯᠪᠡ᠃ ᠨᠠᠮ ᠤᠨ ᠭᠡᠰᠢᠭᠦᠨ ᠺᠠᠳ᠋ᠷᠴᠤᠳ ᠬᠥᠬᠡᠬᠣᠲᠠ ᠶᠢᠨ ᠬᠣᠲᠠ ᠶᠢᠨ ᠲᠥᠯᠥᠪᠵᠢᠭᠦᠯᠭᠡ ᠶᠢᠨ ᠦᠵᠡᠭᠦᠯᠭᠡ ᠶᠢᠨ ᠣᠷᠳᠣᠨ᠂ ᠥᠷᠲᠡᠭᠡ᠂ ᠬᠥᠬᠡᠬᠣᠲᠠ ᠶᠢᠨ ᠮᠦᠽᠧᠶ ᠶᠢ ᠲᠣᠭᠣᠷᠢᠨ ᠦᠵᠡᠬᠦ ᠪᠡᠷ ᠳᠠᠮᠵᠢᠭᠤᠯᠤᠨ ᠲᠡᠦᠬᠡ ᠰᠣᠶᠣᠯ ᠢ ᠣᠶᠢᠯᠠᠭᠠᠵᠤ᠂ ᠲᠡᠦᠬᠡ ᠶᠢᠨ ᠢᠲᠡᠭᠡᠯ ᠢᠶᠡᠨ ᠪᠠᠲᠤᠳᠬᠠᠨ᠂ ᠲᠡᠦᠬᠡ ᠶᠢᠨ ᠰᠠᠨᠠᠭᠠᠴᠢᠯᠠᠭᠠᠲᠤ ᠡᠷᠬᠡ ᠪᠡᠨ ᠴᠢᠩᠭᠠᠷᠠᠭᠤᠯᠵᠤ ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠡᠨ ᠥᠷᠭᠡᠳᠬᠡᠵᠦ᠂ ᠴᠢᠭᠯᠡᠯ ᠢᠶᠡᠨ ᠲᠣᠳᠣᠷᠬᠠᠶᠢᠯᠠᠭᠰᠠᠨ ᠪᠠᠶᠢᠨ᠎ᠠ᠃
ᠬᠥᠬᠡᠬᠣᠲᠠ ᠶᠢᠨ ᠬᠣᠲᠠ ᠶᠢᠨ ᠲᠥᠯᠥᠪᠵᠢᠭᠦᠯᠭᠡ ᠶᠢᠨ ᠦᠵᠡᠭᠦᠯᠭᠡ ᠶᠢᠨ ᠣᠷᠳᠣᠨ ᠨᠢ ᠣᠷᠣᠨ ᠤ ᠲᠥᠪ ᠦᠨ ᠴᠢᠬᠤᠯᠠ ᠦᠵᠡᠭᠦᠯᠭᠡ ᠶᠢᠨ ᠤᠬᠠᠭᠤᠯᠭ᠎ᠠ ᠶᠢᠨ ᠪᠠ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠶᠢᠨ ᠠᠩᠬᠠᠳᠠᠭᠴᠢ ᠪᠦᠯᠦᠭ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂《ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠬᠣᠲᠠ》ᠪᠠᠷ ᠭᠣᠣᠯ ᠰᠡᠳᠦᠪ ᠪᠣᠯᠭᠠᠵᠤ᠂ ᠬᠥᠬᠡᠬᠣᠲᠠ ᠶᠢᠨ ᠲᠡᠦᠬᠡ ᠰᠣᠶᠣᠯ᠂ ᠬᠣᠲᠠ ᠪᠠᠶᠢᠭᠤᠯᠤᠭᠰᠠᠨ ᠲᠡᠦᠬᠡ᠂ ᠪᠦᠲᠦᠭᠡᠨ ᠪᠠᠶᠢᠭᠤᠯᠤᠯᠲᠠ ᠶᠢᠨ ᠠᠮᠵᠢᠯᠲᠠ᠂ ᠬᠥᠭᠵᠢᠯᠲᠡ ᠶᠢᠨ ᠲᠥᠯᠥᠪᠵᠢᠭᠦᠯᠭᠡ᠂ ᠬᠣᠲᠠ ᠶᠢᠨ ᠣᠨᠴᠠᠯᠢᠭ᠂ ᠠᠷᠠᠳ ᠤᠨ ᠵᠠᠩ ᠦᠢᠯᠡ ᠪᠣᠳᠠᠰ ᠤᠨ ᠪᠤᠰᠤ ᠰᠣᠶᠣᠯ ᠤᠨ ᠥᠪ ᠦᠨ ᠰᠣᠶᠣᠯ ᠵᠢᠴᠢ ᠦᠨᠳᠦᠰᠦᠲᠡᠨ ᠦ ᠠᠭᠤᠰᠤᠯᠴᠠᠯ ᠵᠡᠷᠭᠡ ᠣᠯᠠᠨ ᠴᠢᠳᠠᠪᠬᠢ ᠶᠢ ᠨᠢᠭᠡ ᠴᠣᠭᠴᠠᠵᠢᠭᠤᠯᠤᠨ᠂ ᠡᠯᠪᠡᠭ ᠪᠠᠶᠠᠯᠢᠭ ᠵᠢᠷᠤᠭ ᠦᠰᠦᠭ ᠪᠢᠴᠢᠭ ᠦᠨ ᠮᠠᠲ᠋ᠧᠷᠢᠶᠠᠯ᠂ ᠠᠮᠢᠳᠤᠯᠢᠭ ᠪᠣᠳᠠᠲᠤ ᠪᠣᠳᠠᠰ ᠤᠨ ᠦᠵᠡᠭᠦᠯᠭᠡ ᠵᠢᠴᠢ ᠤᠯᠠᠨ ᠵᠠᠭᠤᠴᠢᠯᠠᠭᠤᠷ ᠤᠨ ᠦᠢᠯᠡᠳᠦᠯᠴᠡᠨ ᠣᠶᠢᠯᠠᠭᠠᠬᠤ ᠪᠠᠷ ᠳᠠᠮᠵᠢᠭᠤᠯᠵᠤ᠂ ᠥᠷᠭᠡᠨ ᠤᠯᠠᠨ ᠦᠵᠡᠭᠴᠢᠳ ᠲᠦ ᠬᠥᠬᠡᠬᠣᠲᠠ ᠶᠢᠨ ᠲᠡᠦᠬᠡ ᠶᠢᠨ ᠬᠤᠪᠢᠷᠠᠯᠲᠠ᠂ ᠬᠤᠳᠠ ᠶᠢᠨ ᠬᠥᠭᠵᠢᠯᠲᠡ ᠵᠢᠴᠢ ᠥᠪᠡᠷᠮᠢᠴᠡ ᠰᠣᠶᠣᠯ ᠤᠨ ᠷᠢᠳᠢ ᠰᠢᠳᠢ ᠶᠢ ᠪᠦᠬᠦ ᠲᠠᠯ᠎ᠠ ᠪᠠᠷ ᠣᠶᠢᠯᠠᠭᠠᠬᠤ ᠲᠠᠪᠴᠠᠩ ᠬᠠᠩᠭᠠᠵᠠᠢ᠃

ᠬᠥᠬᠡᠬᠣᠲᠠ ᠶᠢᠨ ᠮᠦᠽᠧᠢ ᠶᠢ ᠲᠣᠭᠣᠷᠢᠨ ᠦᠵᠡᠬᠦ ᠳᠡᠭᠡᠨ᠂ ᠤᠯᠠᠨ ᠢᠶᠠᠷ ᠢᠶᠠᠨ ᠳᠡᠯᠭᠡᠨ ᠦᠵᠡᠭᠦᠯᠵᠦ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠦᠨ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠢ ᠰᠡᠳᠬᠢᠯ ᠲᠠᠯᠪᠢᠨ ᠰᠣᠨᠢᠷᠬᠠᠵᠤ᠂ ᠠᠵᠢᠯᠲᠠᠳ ᠲᠠᠶ ᠳᠡᠯᠭᠡᠨ ᠦᠵᠡᠭᠦᠯᠬᠦ ᠵᠢᠷᠤᠭ ᠲᠥᠯᠥᠪᠯᠡᠭᠡ ᠪᠣᠯᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠦᠢᠯᠡᠳᠬᠦ ᠵᠡᠷᠭᠡ ᠶᠠᠪᠤᠳᠠᠯ ᠤᠨ ᠲᠤᠬᠠᠢ ᠬᠠᠶᠢᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠹᠦ᠋ ᠷᠦᠢ ᠪᠢᠶᠤᠤ᠂ ᠡᠸ ᠬᠠᠶ ᠱᠠᠨ᠂ ᠨᠢᠭᠡᠳᠦᠭᠡᠷ ᠳᠡᠰ ᠤᠨ ᠲᠣᠭᠣᠷᠢᠨ ᠪᠠᠶᠢᠴᠠᠭᠠᠭᠴᠢ ᠾᠧ ᠪᠢᠶᠤᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠪᠠ ᠬᠥᠬᠡᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ 30 ᠭᠠᠷᠤᠶ ᠨᠠᠮ ᠤᠨ ᠭᠡᠰᠢᠭᠦᠨ ᠺᠠᠳ᠋ᠷ ᠬᠠᠮᠲᠤ ᠪᠠᠷ ᠠᠵᠢᠯᠯᠠᠭ᠎ᠠ ᠳᠤ ᠣᠷᠣᠯᠴᠠᠪᠠ᠃