ᠵᠤᠬᠢᠶᠠᠭᠴᠢ:
ᠴᠠᠭ:2025-07-23
ᠥᠵᠡᠭᠰᠡᠨ : ℃
ᠢᠷᠡᠯᠲᠡ:
2025
2025 7 ᠰᠠᠷ᠎ᠠ ᠶᠢᠨ 6 12 ᠤᠨ ᠡᠳᠦᠷ ᠂ 2025 ᠣᠨ ᠤ ᠠᠩᠬᠠᠳᠤᠭᠠᠷ ᠬᠤᠭᠤᠴᠠᠭᠠᠨ ᠤ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠰᠢᠨ᠎ᠡ ᠪᠡᠷ ᠲᠤᠰᠢᠶᠠᠯ ᠳᠤ ᠭᠠᠷᠤᠭᠰᠠᠨ ᠬᠠᠷᠢᠭᠤᠴᠠᠯᠭᠠᠲᠠᠨ ᠤ ᠪᠣᠯᠪᠠᠰᠤᠷᠠᠯ ᠤᠨ ᠠᠩᠭᠢ ᠱᠠᠨ ᠰᠢ ᠶᠢᠨ ᠳᠤ ᠶᠠᠪᠤᠭᠳᠠᠪᠠ ᠃

7 7 ᠤ ᠡᠳᠦᠷ ᠦᠨ ᠦᠳᠡ ᠶᠢᠨ ᠡᠮᠦᠨ᠎ᠡ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠵᠤ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ( ᠳᠣᠷᠣᠭᠰᠢ ᠦᠨ ᠣᠶᠢᠯᠠᠯᠭ᠎ᠠ ᠶᠢᠨ ᠠᠯᠪᠠᠨ ᠭᠡᠷ ᠭᠡᠵᠦ ᠲᠣᠪᠴᠢᠯᠠᠨ᠎ᠠ ) ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠴᠧᠨ ᠸᠸᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ ᠃ ᠱᠠᠨ ᠰᠢ ᠮᠤᠵᠢ ᠶᠢᠨ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠦᠨ ᠳᠡᠳ᠋ ᠳᠠᠷᠤᠭ᠎ᠠ ᠶᠠᠩ ᠵᠢᠶᠠᠨ ᠵᠢᠶᠦ᠋ᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠰᠤᠷᠤᠯᠭ᠎ᠠ ᠡᠬᠢᠯᠡᠬᠦ ᠶᠣᠰᠣᠯᠠᠯ ᠢ ᠱᠠᠨ ᠰᠢ ᠮᠤᠵᠢ ᠶᠢᠨ ᠨᠠᠮ ᠤᠨ ᠬᠣᠷᠢᠶᠠᠨ ᠤ ᠨᠠᠮ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ︵ᠱᠠᠨ ᠰᠢ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠬᠦᠷᠢᠶᠡᠯᠡᠩ︶᠋ ᠤᠨ ᠳᠠᠷᠤᠭ᠎ᠠ ᠱᠢ ᠴᠧᠨ ᠮᠢᠩ ᠡᠷᠬᠢᠯᠡᠵᠦ᠂ ᠦᠨ ᠣᠶᠢᠯᠠᠯᠭ᠎ᠠ ᠶᠢᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠣᠷᠢᠨ ᠪᠠᠶᠢᠴᠠᠭᠠᠭᠴᠢ ᠴᠢᠦ ᠰᠢᠨ ᠯᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃
ᠠᠩᠭᠢ ᠡᠬᠢᠯᠡᠭᠦᠯᠬᠦ ᠳᠠᠶᠢᠴᠢᠯᠠᠯᠲᠠ ᠶᠢᠨ ᠳᠤᠮᠳᠠ ᠴᠧᠨ ᠸᠸᠨ ᠵᠢᠭᠠᠵᠤ ᠭᠠᠷᠭᠠᠭᠰᠠᠨ ᠨᠢ ᠂ ᠦᠨ ᠣᠶᠢᠯᠠᠯᠭ᠎ᠠ ᠶᠢᠨ ᠠᠯᠪᠠᠨ ᠭᠡᠷ ᠴᠢᠳᠠᠪᠤᠷᠢᠲᠠᠨ ᠤ ᠡᠩᠨᠡᠭᠡᠨ ᠦ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ 2012 ᠣᠨ ᠠᠴᠠ ᠪᠦᠬᠦ ᠤᠯᠤᠰ ᠤᠨ ᠮᠤᠵᠢ ᠬᠣᠲᠠ ᠰᠢᠶᠠᠨ ᠭᠤᠷᠪᠠᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠭᠣᠣᠯ ᠬᠠᠷᠢᠭᠤᠴᠠᠯᠭᠠᠲᠠᠨ ᠪᠣᠯᠬᠤ ᠡᠨᠡᠬᠦ 《 ᠵᠠᠩᠭᠢᠯᠠᠭ᠎ᠠ ᠶᠢᠨ ᠴᠥᠭᠡᠨ ᠲᠣᠭᠠᠲᠠᠨ 》 ᠢ ᠭᠣᠣᠯᠳᠠᠯᠭ᠎ᠠ ᠲᠠᠶ ᠪᠠᠷ ᠳᠣᠪᠣᠶᠢᠯᠭᠠᠵᠤ ᠂ 《 ᠨᠢᠭᠡᠳᠦᠭᠡᠷ ᠭᠠᠷ 》 ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ ᠂ ᠲᠡᠳᠡᠨ ᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠮᠡᠷᠭᠡᠵᠢᠯᠲᠡᠨ ᠪᠣᠯᠭᠠᠨ ᠬᠥᠮᠦᠵᠢᠭᠦᠯᠵᠡᠶ ᠃ ᠲᠡᠷᠡ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠲᠡᠦᠬᠡ ᠣᠶᠢᠯᠠᠯᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠣᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠦᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠬᠡᠷᠡᠭᠲᠡᠢ︔ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ︔ ᠲᠡᠦᠬᠡ ᠣᠶᠢᠯᠠᠯᠭ᠎ᠠ ᠶᠢᠨ ᠰᠡᠳᠬᠢᠯᠭᠡ ᠶᠢ ᠵᠤᠵᠠᠭᠠᠳᠬᠠᠵᠤ᠂ ᠲᠡᠦᠬᠡ ᠶᠢᠨ ᠰᠡᠳᠬᠢᠬᠦᠢ ᠶᠢ ᠢᠳᠡᠪᠬᠢᠲᠡᠢ ᠠᠰᠢᠭᠯᠠᠨ ᠤᠳᠤᠷᠢᠳᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠭᠣᠣᠯᠳᠠᠯᠭ᠎ᠠ ᠲᠠᠶ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃ 《 ᠳᠤᠮᠳᠠᠳᠤ ᠤᠯᠤᠰ ᠤᠨ ᠶᠠᠳᠠᠭᠤ ᠶᠢ ᠲᠡᠳᠬᠦᠬᠦ ᠣᠶᠢᠯᠠᠯᠭ᠎ᠠ 》 《 ᠳᠤᠮᠳᠠᠳᠤ ᠤᠯᠤᠰ ᠤᠨ ᠴᠢᠨᠡᠭᠡᠯᠢᠭ ᠨᠡᠶᠢᠭᠡᠮ ᠢ ᠪᠥᠬᠥ ᠲᠠᠯ᠎ᠠ ᠪᠠᠷ ᠪᠡᠶᠡᠯᠡᠭᠦᠯᠬᠦ ᠣᠶᠢᠯᠠᠯᠭ᠎ᠠ 》 ᠶᠢ ᠨᠠᠶᠢᠷᠠᠭᠤᠯᠤᠨ ᠪᠢᠴᠢᠬᠦ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠃
ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠦᠨ ᠣᠶᠢᠯᠠᠯᠭ᠎ᠠ ᠶᠢᠨ ᠠᠯᠪᠠᠨ ᠬᠡᠷ ᠡᠴᠡ ᠭᠣᠸᠯᠯᠠᠨ ᠡᠷᠭᠢᠯᠡᠵᠦ ᠂ ᠱᠠᠨ ᠰᠢ ᠮᠤᠵᠢ ᠶᠢᠨ ᠨᠠᠮ ᠤᠨ ᠬᠣᠷᠢᠶᠠᠨ ᠤ ᠨᠠᠮ ᠤᠨ ᠲᠡᠸᠬᠡ ᠶᠢᠨ ᠰᠤᠳᠤᠯᠭᠠᠨ ᠤ ᠬᠦᠷᠢᠶᠡᠯᠡᠩ ᠪᠣᠯᠪᠠᠰᠤᠷᠠᠭᠤᠯᠤᠯ ᠢ ᠲᠥᠪᠯᠡᠷᠡᠭᠦᠯᠦᠨ ᠬᠢᠴᠢᠶᠡᠯᠯᠡᠬᠦ᠂ ᠳᠤᠭᠤᠶᠢᠯᠠᠩ ᠢᠶᠠᠷ ᠶᠠᠷᠢᠯᠴᠠᠬᠤ᠂ ᠶᠡᠬᠡ ᠬᠤᠷᠠᠯ ᠢᠶᠠᠷ ᠰᠣᠯᠢᠯᠴᠠᠬᠤ ᠪᠠ ᠲᠤᠬᠠᠶ ᠶᠢᠨ ᠭᠠᠵᠠᠷ ᠵᠢᠭᠠᠨ ᠰᠤᠷᠭᠠᠬᠤ ᠶᠢ ᠤᠶᠠᠯᠳᠤᠭᠤᠯᠬᠤ ᠮᠠᠶ᠋ᠢᠭ ᠢᠶᠠᠷ ᠃
ᠪᠥᠬᠥ ᠤᠯᠤᠰ ᠤᠨ ᠡᠯ᠎ᠡ ᠮᠤᠵᠢ ᠂ ᠬᠣᠲᠠ ᠂ ᠰᠢᠶᠠᠨ ᠭᠤᠷᠪᠠᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠪᠠ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠨᠠᠮ ᠤᠨ ᠲᠡᠸᠬᠡ ᠴᠡᠷᠢᠭ ᠦᠨ ᠲᠡᠸᠬᠡ ᠶᠢᠨ ᠰᠢᠰᠲ᠋ᠧᠮ ᠦᠨ 120 ᠭᠠᠷᠤᠶ ᠰᠢᠨ᠎ᠡ ᠪᠣᠯᠪᠠᠰᠤᠷᠠᠯ ᠤᠨ ᠠᠩᠭᠢ ᠳᠤ ᠣᠷᠣᠯᠴᠠᠵᠠᠶ ᠃