ᠵᠤᠬᠢᠶᠠᠭᠴᠢ:
ᠴᠠᠭ:2025-10-29
ᠥᠵᠡᠭᠰᠡᠨ : ℃
ᠢᠷᠡᠯᠲᠡ:
ᠪᠥᠬᠥ ᠤᠯᠤᠰ ᠤᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠲᠤᠷᠰᠢᠯᠲᠠ ᠶᠢᠨ ᠠᠵᠢᠯ ᠤᠨ ᠰᠤᠳᠤᠯᠤᠨ ᠰᠤᠷᠤᠯᠴᠠᠬᠤ ︵ᠨᠢᠭᠡᠳᠦᠭᠡᠷ ᠬᠤᠭᠤᠴᠠᠭ᠎ᠠ ︶ᠱᠠᠨᠳᠦ᠋ᠩ ᠦᠨ ᠵᠢᠨᠠᠨ ᠳᠤ ᠶᠠᠪᠤᠭᠳᠠᠪᠠ
2025 ᠣᠨ ᠤ 10 ᠰᠠᠷ᠎ᠠ ᠶᠢᠨ 12 ︱ 17 ᠤ ᠡᠳᠦᠷ ᠪᠥᠬᠥ ᠤᠯᠤᠰ ᠤᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠲᠤᠷᠰᠢᠯᠲᠠ ᠶᠢᠨ ᠠᠵᠢᠯ ᠤᠨ ᠰᠤᠳᠤᠯᠤᠨ ᠰᠤᠷᠤᠯᠴᠠᠬᠤ ᠠᠩᠭᠢ︵ᠨᠢᠭᠡᠳᠦᠭᠡᠷ ᠬᠤᠭᠤᠴᠠᠭ᠎ᠠ︶ ᠶᠢ ᠱᠠᠨᠳᠦ᠋ᠩ ᠮᠤᠵᠢ ᠶᠢᠨ ᠵᠢᠨᠠᠨ ᠬᠣᠲᠠ ᠳᠤ ᠡᠷᠬᠢᠯᠡᠪᠡ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠬᠡᠷ ︵ᠳᠣᠷᠣᠭᠰᠢ ᠳᠤᠮᠳᠠᠳᠤ ᠣᠶᠢᠯᠠᠯᠭ᠎ᠠ ᠶᠢᠨ ᠠᠯᠪᠠᠨ ᠬᠡᠷ ᠭᠡᠵᠦ ᠲᠣᠪᠴᠢᠯᠠᠨ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠧᠨ ᠸᠸᠨ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠱᠠᠨᠳᠦ᠋ᠩ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ ᠰᠦᠨ ᠵᠢᠶ ᠶᠧ ᠡᠬᠢᠯᠡᠬᠦ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠳᠤᠮᠳᠠᠳᠤ ᠦᠨ ᠣᠶᠢᠯᠠᠯᠭ᠎ᠠ ᠶᠢᠨ ᠠᠯᠪᠠᠨ ᠬᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠣᠷᠢᠨ ᠪᠠᠶᠢᠴᠠᠭᠠᠭᠴᠢ ᠴᠢᠦ ᠰᠢᠨ ᠯᠢ ᠡᠬᠢᠯᠡᠬᠦ ᠶᠣᠰᠣᠯᠠᠯ ᠢ ᠡᠷᠭᠢᠯᠡᠵᠦ᠂ ᠱᠠᠨᠳᠦ᠋ᠩ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠬᠦᠷᠢᠶᠡᠯᠡᠩ ᠦᠨ ᠳᠠᠷᠤᠭ᠎ᠠ ᠯᠢᠦ ᠬᠣᠩ ᠬᠠᠶ ᠣᠷᠣᠯᠴᠠᠵᠠᠶ᠃

ᠴᠧᠨ ᠡᠬᠢᠯᠡᠬᠦ ᠲᠠᠢᠴᠢᠯᠠᠯᠳᠠ ᠂ ᠵᠢᠭᠠᠬᠤ ᠳᠤ ᠪᠠᠨ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠨᠢ ᠡᠷᠬᠡᠪᠰᠢ ᠰᠣᠶᠣᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠰᠢᠨ᠎ᠡ ᠴᠠᠭ ᠦᠶ᠎ᠡ ᠳᠦ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠢ ᠪᠦᠳᠦᠭᠡᠨ ᠪᠠᠶᠢᠭᠤᠯᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠣᠯᠤᠨ ᠶᠡᠷᠦ ᠪᠤᠰᠤ ᠶᠢᠨ ᠠᠮᠵᠢᠯᠲᠠ ᠶᠢ ᠭᠦᠨᠵᠡᠭᠡᠢ ᠲᠡᠮᠳᠡᠭᠯᠡᠬᠦ ᠬᠡᠷᠡᠭᠲᠡᠢ ᠨᠠᠮ ᠤᠨ《ᠠᠷᠠᠳ ᠲᠦᠮᠡᠨ ᠳᠦ ᠵᠣᠯ ᠵᠢᠷᠭᠠᠯ ᠡᠳ᠋ᠯᠡᠭᠦᠯᠵᠦ᠂ ᠦᠨᠳᠦᠰᠦᠲᠡᠨ ᠦ ᠰᠡᠷᠭᠦᠨ ᠮᠠᠨᠳᠤᠯᠲᠠ ᠶᠢ ᠪᠡᠶᠡᠯᠡᠭᠦᠯᠬᠦ》ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠠᠮᠢᠳᠤᠯᠢᠭ ᠢᠶᠠᠷ ᠬᠠᠷᠠᠭᠤᠯᠬᠤ ᠬᠡᠷᠡᠭᠲᠡᠢ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠬᠥᠮᠦᠨ ᠲᠥᠷᠥᠯᠬᠢᠲᠡᠨ ᠦ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ ᠢ ᠃ ᠲᠡᠷᠡ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠤᠨ ᠬᠢᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠶᠢᠨ ᠴᠢᠬᠤᠯᠠ ᠶᠡᠬᠡ ᠠᠴᠢ ᠬᠣᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ ᠪᠡᠨ ᠴᠢᠩᠭᠠᠳᠬᠠᠵᠤ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠰᠠᠶᠢᠲᠤᠷ ᠬᠢᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠲᠦᠷᠦ ᠶᠢᠨ ᠶᠠᠪᠤᠳᠠᠯ ᠤᠨ ᠬᠣᠷᠢᠶᠠᠨ ᠤ《ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠳᠦᠷᠢᠮ》 ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠣᠶᠢᠯᠠᠯᠭ᠎ᠠ ᠨᠠᠶᠢᠷᠠᠭᠤᠯᠬᠤ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠣᠶᠢᠯᠠᠯᠭ᠎ᠠ ᠨᠠᠶᠢᠷᠠᠭᠤᠯᠬᠤ ᠭᠣᠣᠯ ᠬᠠᠷᠢᠭᠤᠴᠠᠯᠭ᠎ᠠ ᠭᠣᠣᠯ ᠠᠵᠢᠯ ᠳᠤ ᠪᠦᠬᠦ ᠬᠦᠴᠦᠨ ᠢᠶᠡᠷ ᠢᠶᠡᠨ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ ᠪᠠᠶᠢᠭᠤᠯᠤᠯᠲᠣᠭᠲᠠᠴᠠ ᠶᠢ ᠲᠡᠭᠦᠯᠳᠡᠷᠵᠢᠭᠦᠯᠵᠦ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ ᠂ ᠨᠢᠭᠡᠳᠦᠯᠲᠡᠶ ᠲᠥᠯᠥᠪᠵᠢᠭᠦᠯᠬᠦ ᠶᠢ ᠰᠠᠶᠢᠲᠤᠷ ᠬᠢᠵᠦ ᠂ 《ᠨᠢᠭᠡ ᠶᠢ ᠣᠷᠣᠭᠤᠯᠵᠤ ᠂ ᠨᠠᠶᠮᠠ ᠶᠢ ᠪᠣᠳᠠᠲᠠᠶᠢᠵᠢᠭᠤᠯᠬᠤ》ᠠᠵᠢᠯ ᠤᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠤᠯᠭᠠᠭᠤᠷᠢᠯᠠᠬᠤ ᠰᠢᠰᠲ᠋ᠧᠮᠵᠢ ᠂ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠂ ᠨᠠᠶᠢᠷᠠᠭᠤᠯᠬᠤ ᠰᠢᠰᠲ᠋ᠧᠮᠵᠢ ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠰᠢᠰᠲ᠋ᠧᠮᠵᠢ ᠂ ᠣᠨᠣᠯ ᠤᠨ ᠰᠤᠳᠤᠯᠭᠠᠨ ᠤ ᠰᠢᠰᠲ᠋ᠧᠮᠵᠢ ᠪᠠ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ ᠶᠠᠰᠤ ᠴᠢᠨᠠᠷ ᠢ ᠲᠡᠷᠢᠭᠦᠨ ᠳᠦ ᠲᠠᠯᠪᠢᠬᠤ ᠤᠬᠠᠮᠰᠠᠷ ᠢ ᠪᠤᠢ ᠪᠣᠯᠭᠠᠵᠤ᠂ ᠠᠬᠢᠴᠠ ᠪᠣᠯᠤᠨ ᠶᠠᠰᠤ ᠴᠢᠨᠠᠷ ᠤᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠰᠢᠢᠳᠪᠦᠷᠢᠯᠡᠵᠦ᠂ ᠠᠬᠢᠴᠠ ᠨᠢ ᠶᠠᠰᠤ ᠴᠢᠨᠠᠷ ᠢ ᠳᠠᠭᠠᠵᠤ᠂ ᠭᠤᠷᠪᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠦ ᠵᠥᠪ ᠤᠳᠤᠷᠢᠳᠤᠮᠵᠢ ᠬᠠᠩᠭᠠᠬᠤ ᠬᠡᠷᠡᠭᠲᠡᠢ ᠲᠤᠷᠰᠢᠯᠲᠠ ᠶᠢᠨ ᠤᠨ ᠠᠵᠢᠯ ᠢ ᠯᠠᠪᠳᠠᠭᠤᠨ ᠢᠶᠠᠷ ᠠᠬᠢᠭᠤᠯᠵᠤ ᠂ ᠪᠥᠬᠥ ᠤᠯᠤᠰ ᠤᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠳᠤ ᠲᠤᠷᠰᠢᠯᠭ᠎ᠠ ᠬᠤᠷᠠᠮᠳᠤᠭᠤᠯᠵᠤ ᠥᠭᠭᠦ ᠬᠡᠷᠡᠭᠲᠡᠢ ᠭᠡᠵᠠᠢ᠃

ᠲᠣᠰ ᠬᠤᠭᠤᠴᠠᠭᠠᠨ ᠤ ᠰᠤᠳᠤᠯᠤᠨ ᠰᠤᠷᠤᠯᠴᠠᠬᠤ ᠠᠩᠭᠢ ᠶᠢ ᠳᠤᠮᠳᠠᠳᠤ ᠦᠨ ᠣᠶᠢᠯᠠᠯᠭ᠎ᠠ ᠶᠢᠨ ᠠᠯᠪᠠᠨ ᠬᠡᠷ ᠡᠴᠡ ᠭᠣᠸᠯᠯᠠᠨ ᠡᠷᠭᠢᠯᠡᠵᠦ ᠂ ᠱᠠᠨᠳᠦ᠋ᠩ ᠮᠤᠵᠢ ᠶᠢᠨ ᠣᠷᠣᠨ ᠨᠤᠲᠤᠭ ᠤᠨ ᠲᠡᠸᠬᠡ ᠣᠶᠢᠯᠠᠯᠭ᠎ᠠ ᠶᠢᠨ ᠰᠤᠳᠤᠯᠭᠠᠨ ᠤ ᠬᠦᠷᠢᠶᠡᠯᠡᠩ ᠡᠴᠡ ᠡᠷᠭᠢᠯᠡᠵᠦ ᠂ ᠲᠥᠪᠯᠡᠷᠡᠭᠦᠯᠦᠨ ᠬᠢᠴᠢᠶᠡᠯᠯᠡᠬᠦ ᠂ ᠳᠤᠭᠤᠶᠢᠯᠠᠩ ᠢᠶᠠᠷ ᠶᠠᠷᠢᠯᠴᠠᠬᠤ ᠂ ᠰᠣᠯᠢᠯᠴᠠᠬᠤ ᠶᠢ ᠤᠶᠠᠯᠳᠤᠭᠤᠯᠬᠤ ᠮᠠᠶ᠋ᠢᠭ ᠢᠶᠠᠷ ᠰᠤᠳᠤᠯᠤᠨ ᠃ ᠴᠢᠦ ᠰᠢᠨ ᠯᠢ ᠂ ᠳᠤᠮᠳᠠᠳᠤ ᠦᠨ ᠣᠶᠢᠯᠠᠯᠭ᠎ᠠ ᠶᠢᠨ ᠠᠯᠪᠠᠨ ᠭᠡᠷ ᠦᠨ ᠬᠣᠶᠠᠳᠤᠭᠠᠷ ᠳᠡᠰ ᠤᠨ ᠲᠣᠭᠣᠷᠢᠨ ᠪᠠᠶᠢᠴᠠᠭᠠᠭᠴᠢ ᠶᠠᠩ ᠵᠢᠶᠦ᠋ᠨ ᠱᠢ ᠂ ᠤᠤᠯ ᠤᠨ ᠪᠡᠭᠡᠵᠢᠩ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠸᠠᠩ ᠲᠢᠶ᠋ᠸ ᠫᠸᠩ ᠂ ᠵᠢᠶᠠᠩᠰᠦ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠦᠨ ᠤᠤᠯ ᠤᠨ ᠬᠣᠶᠠᠳᠤᠭᠠᠷ ᠳᠡᠰ ᠤᠨ ᠲᠣᠭᠣᠷᠢᠨ ᠪᠠᠶᠢᠴᠠᠭᠠᠭᠴᠢ ᠴᠧᠨ ᠂ ᠵᠧᠵᠢᠶᠠᠩ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠦᠨ ᠳᠡᠳ᠋ ᠡᠷᠬᠢᠯᠡᠭᠴᠢ ᠵᠧᠸ ᠸᠧᠶ ᠂ ᠵᠧᠵᠢᠶᠠᠩ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠦᠨ ᠮᠤᠵᠢ ᠶᠢᠨ ᠣᠶᠢᠯᠠᠯᠭ᠎ᠠ ᠶᠢᠨ ᠭᠠᠵᠠᠷ ᠤᠨ ᠤᠤᠯ ᠤᠨ ᠳᠠᠷᠤᠭ᠎ᠠ ᠶᠠᠨ ᠨᠠᠷ ᠲᠤᠰ ᠲᠤᠰ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠳᠤ ᠠᠩᠬᠠᠷᠬᠤ ᠴᠢᠬᠤᠯᠠᠲᠠᠶ ᠠᠰᠠᠭᠤᠳᠠᠯ ᠤᠳ ᠂ ᠣᠷᠣᠨ ᠨᠤᠲᠤᠭ ᠤᠨ ᠣᠶᠢᠯᠠᠯᠭ᠎ᠠ ᠶᠢᠨ ᠰᠲ᠋ᠢᠯᠢ ᠶᠢᠨ ᠬᠡᠷᠡᠭᠯᠡᠯᠲᠡ ᠂ ᠣᠷᠣᠨ ᠨᠤᠲᠤᠭ ᠤᠨ ᠣᠶᠢᠯᠠᠯᠭ᠎ᠠ ᠶᠢᠨ ᠤᠯᠤᠰ ᠲᠥᠷᠥ ᠶᠢᠨ ᠬᠡᠰᠡᠭ ᠪᠦᠯᠦᠭ ᠦᠨ ᠲᠥᠷᠥᠯ ᠦᠨ ᠭᠠᠷᠴᠭᠯᠠᠯ ᠢ ᠵᠢᠴᠢ ᠨᠠᠶᠢᠷᠠᠭᠤᠯᠬᠤ ᠭᠣᠸᠯᠳᠠᠯᠭ᠎ᠠ ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠶᠢᠨ ᠵᠠᠭᠪᠤᠷ ᠬᠢᠭᠡᠳ ᠠᠬᠢᠴᠠ ᠶᠠᠰᠤ ᠴᠢᠨᠠᠷ ᠢ ᠬᠠᠮᠢᠶᠠᠷᠤᠨ ᠡᠵᠡᠮᠳᠡᠬᠦ ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠮᠠᠲ᠋ᠧᠷᠢᠶᠠᠯ ᠢ ᠴᠤᠭᠯᠠᠭᠤᠯᠬᠤ ᠢᠯᠭᠠᠨ ᠲᠠᠨᠢᠬᠤ ᠪᠠ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠂ ᠣᠶᠢᠯᠠᠯᠭ᠎ᠠ ᠶᠢᠨ ᠡᠬᠡ ᠪᠢᠴᠢᠭ ᠢ ᠨᠠᠶᠢᠷᠠᠭᠤᠯᠤᠨ ᠪᠢᠴᠢᠬᠦ ᠵᠡᠷᠭᠡ ᠠᠭᠤᠯᠭ᠎ᠠ ᠃

ᠱᠠᠨᠳᠦ᠋ᠩ ᠮᠤᠵᠢ ᠶᠢᠨ ᠪᠢᠨᠵᠸᠤ ᠬᠣᠲᠠ᠂ ᠲᠢᠶᠠᠨᠵᠢᠨ ᠬᠣᠲᠠ ᠶᠢᠨ ᠪᠦᠦ ᠳ᠋ᠢ ᠲᠣᠭᠣᠷᠢᠭ᠂ ᠵᠧᠵᠢᠶᠠᠩ ᠮᠤᠵᠢ ᠶᠢᠨ ᠬᠤᠵᠸᠤ ᠬᠣᠲᠠ ᠶᠢᠨ ᠨᠠᠨ ᠰᠢᠶᠦ᠋ᠨ ᠲᠣᠭᠣᠷᠢᠭ᠂ ᠭᠠᠨᠰᠦ ᠮᠤᠵᠢ ᠶᠢᠨ ᠵᠠᠩ ᠶᠧ ᠬᠣᠲᠠ ᠲᠣᠰ ᠲᠣᠰ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠮᠠᠲ᠋ᠧᠷᠢᠶᠠᠯ ᠤᠨ ᠠᠵᠢᠯ᠂ ᠭᠠᠷᠴᠠᠭᠯᠠᠯ ᠂ ᠨᠠᠶᠢᠷᠠᠭᠤᠯᠬᠤ ᠵᠠᠭᠪᠤᠷ ᠵᠡᠷᠭᠡ ᠲᠠᠯ᠎ᠠ ᠠᠴᠠ ᠃ ᠳᠤᠭᠤᠶᠢᠯᠠᠩ ᠬᠤᠪᠢᠶᠠᠨ ᠶᠠᠷᠢᠯᠴᠠᠬᠤ ᠭᠣᠭᠴᠣᠭ᠎ᠠ ᠳᠤ᠂ ᠰᠤᠳᠤᠯᠤᠨ ᠰᠤᠷᠤᠯᠴᠠᠬᠤ ᠪᠦᠬᠦ ᠲᠥᠯᠥᠭᠡᠯᠡᠭᠴᠢᠳ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠣᠶᠢᠯᠠᠯᠭ᠎ᠠ ᠨᠠᠶᠢᠷᠠᠭᠤᠯᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠲᠤᠷᠰᠢᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠥᠷᠢᠰᠥᠯᠳᠦᠭᠡᠨ᠂ ᠰᠢᠨ᠎ᠡ ᠶᠢ ᠡᠭᠦᠳᠦᠭᠰᠡᠨ ᠵᠢᠱᠢᠢ᠎ᠡ ᠪᠣᠯᠤᠨ ᠲᠤᠷᠰᠢᠯᠭ᠎ᠠ᠂ ᠭᠤᠷᠪᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠤᠩᠰᠢᠬᠤᠶᠢᠴᠠ ᠴᠢᠨᠠᠷ ᠢ ᠬᠡᠷᠬᠢᠨ ᠨᠡᠮᠡᠭᠳᠡᠭᠦᠯᠬᠦ᠂ ᠵᠣᠬᠢᠶᠠᠮᠠᠯ ᠤᠶᠤᠨ ᠴᠢᠳᠠᠪᠤᠷᠢ ᠪᠣᠯᠤᠨ ᠣᠶᠢᠯᠠᠯᠭ᠎ᠠ ᠨᠠᠶᠢᠷᠠᠭᠤᠯᠬᠤ ᠵᠡᠷᠭᠡ ᠠᠰᠠᠭᠤᠳᠠᠯ ᠤᠨ ᠲᠣᠭᠣᠷᠢᠨ ᠳᠤ ᠭᠣᠣᠯᠳᠠᠯᠭ᠎ᠠ ᠲᠠᠶ ᠶᠠᠷᠢᠯᠴᠠᠵᠤ᠂ ᠰᠠᠨᠠᠯ ᠢᠶᠠᠨ ᠭᠦᠢᠴᠡᠳ ᠰᠣᠯᠢᠯᠴᠠᠬᠤ ᠶᠢᠨ ᠬᠠᠮᠲᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃
ᠲᠣᠰ ᠬᠤᠭᠤᠴᠠᠭᠠᠨ ᠤ ᠰᠤᠳᠤᠯᠤᠨ ᠰᠤᠷᠤᠯᠴᠠᠬᠤ ᠠᠩᠭᠢ ᠶᠢ ᠶᠡᠨ ᠳᠡᠭᠡᠷ᠎ᠡ ᠬᠢ ᠶᠢ ᠤᠶᠠᠯᠳᠤᠭᠤᠯᠬᠤ ᠮᠠᠶ᠋ᠢᠭ ᠢᠶᠠᠷ ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠤ ᠣᠶᠢᠯᠠᠯᠭ᠎ᠠ ᠶᠢᠨ ᠠᠯᠪᠠᠨ ᠭᠡᠷ᠂ ᠪᠦᠬᠦ ᠤᠯᠤᠰ ᠤᠨ ᠭᠤᠷᠪᠠᠳᠠᠬᠢ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠲᠤᠷᠰᠢᠯᠲᠠ ᠶᠢᠨ 70 ᠶᠢᠨ 130 ᠭᠠᠷᠤᠶ ᠲᠥᠯᠥᠭᠡᠯᠡᠭᠴᠢ ᠳᠤ ᠣᠷᠣᠯᠴᠠᠪᠠ᠃ ᠡᠯ᠎ᠡ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠲᠤᠬᠠᠶᠢᠯᠠᠭᠰᠠᠨ ᠠᠵᠢᠯ ᠤᠨ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠨ ᠨᠡᠶᠢᠲᠡ 3.3 ᠲᠦᠮᠡᠨ ᠬᠡᠷᠡᠭᠯᠡᠭᠴᠢ ᠶᠢᠨ ᠰᠦᠯᠵᠢᠶᠡᠨ ᠳᠡᠭᠡᠷ᠎ᠡ 7.83 ᠲᠦᠮᠡᠨ ᠤᠳᠠᠭ᠎ᠠ ᠰᠤᠷᠤᠯᠴᠠᠪᠠ᠃