ᠵᠤᠬᠢᠶᠠᠭᠴᠢ:
ᠴᠠᠭ:2019-03-26
ᠥᠵᠡᠭᠰᠡᠨ : ℃
ᠢᠷᠡᠯᠲᠡ:
ᠥᠪᠥᠷ ᠮᠣᠩᠭᠤᠯ ᠤᠨ ᠰᠦ ᠶᠢᠨ ᠦᠢᠯᠡᠰ ᠤᠨ ᠣᠯᠠᠨ ᠵᠦᠢᠯ ᠤᠨ ᠭᠦᠢᠴᠡᠳᠬᠡᠯ ᠲᠤᠭ᠎ᠠ ᠪᠥᠬᠦ ᠤᠯᠤᠰ ᠲᠤ ᠣᠷᠣᠶᠢᠯᠠᠪᠠ

ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ ᠰᠠᠭᠠᠯᠢ ᠶᠢᠨ ᠦᠨᠢᠶ᠎ᠡ ᠶᠢ 150 ᠲᠦᠮᠡ ᠣᠷᠴᠢᠮ ᠳᠤ ᠬᠦᠷᠦᠭᠦᠯᠵᠦ᠂ ᠰᠠᠭᠠᠯᠢ ᠶᠢᠨ ᠢᠮᠠᠭ᠎ᠠ ᠶᠢ 5 ᠲᠦᠮᠡ ᠣᠷᠴᠢᠮ ᠳᠤ ᠬᠦᠷᠦᠭᠦᠯᠵᠦ᠂ ᠰᠦ ᠶᠢᠨ ᠲᠥᠷᠥᠯ ᠤᠨ ᠭᠠᠷᠤᠯᠲᠠ ᠶᠢ 550 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃
ᠪᠥᠬᠦ ᠤᠯᠤᠰ ᠤᠨ ᠰᠦ ᠶᠢᠨ ᠦᠢᠯᠡᠰ ᠤᠨ ᠭᠤᠤᠯ ᠭᠠᠷᠤᠯᠲᠠ ᠶᠢᠨ ᠣᠷᠣᠨ ᠪᠠ ᠪᠥᠬᠦ ᠤᠯᠤᠰ ᠤᠨ ᠬᠠᠮᠤᠭ ᠤᠨ ᠶᠡᠭᠡ ᠰᠦ ᠦᠢᠯᠡᠳᠪᠦᠷᠢᠯᠡᠨ ᠭᠠᠳᠠᠭᠰᠢ ᠭᠠᠷᠭᠠᠵᠤ ᠡᠳ᠋ᠰᠢᠭᠦᠯᠬᠦ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ ᠮᠠᠨ ᠤ ᠣᠷᠣᠨ ᠰᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠭᠤᠷᠢᠨ ᠳᠤ᠂ ᠰᠦ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠠᠭᠠᠯᠢ ᠶᠢᠨ ᠦᠨᠢᠶ᠎ᠡ ᠶᠢ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠠᠵᠢᠯ ᠢ ᠳᠣᠪᠤᠶᠢᠮ᠎ᠠ ᠰᠠᠶᠢᠲᠤᠷ ᠠᠳᠬᠤᠵᠤ᠂ ᠬᠥᠲᠥᠴᠢ ᠠᠵᠤ ᠠᠬᠤᠶᠢᠯᠠᠯ ᠢ ᠶᠡᠬᠡᠪᠡᠷ ᠲᠡᠳᠬᠦᠨ ᠳᠡᠮᠵᠢᠵᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦ ᠶᠢᠨ ᠦᠢᠯᠡᠰ ᠤᠨ ᠪᠦᠬᠦᠯᠢ ᠴᠣᠭᠴᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠭᠠᠳ᠂ ᠪᠥᠬᠦ ᠣᠷᠣᠨ ᠤ ᠰᠠᠭᠠᠯᠢ ᠶᠢᠨ ᠦᠨᠢᠶ᠎ᠡ᠂ ᠦᠨᠢᠶᠡᠨ ᠰᠦ ᠶᠢᠨ ᠭᠠᠷᠤᠯᠲᠠ᠂ ᠰᠦ ᠶᠢᠨ ᠵᠦᠢᠯ ᠤᠨ ᠬᠥᠮᠥᠨ ᠳᠤᠮᠳᠠᠴᠢ ᠶᠢᠨ ᠡᠵᠡᠯᠡᠬᠦ ᠬᠡᠮᠵᠢᠶ᠎ᠡ᠂ ᠰᠦ ᠶᠢᠨ ᠦᠢᠯᠡᠳᠬᠦᠨ ᠤ ᠥᠷᠲᠡᠭ ᠵᠡᠷᠭᠡ ᠣᠯᠠᠨ ᠵᠦᠢᠯ ᠤᠨ ᠭᠦᠢᠴᠡᠳᠬᠡᠯ ᠲᠤᠭ᠎ᠠ ᠶᠢ ᠪᠥᠬᠦ ᠤᠯᠤᠰ ᠲᠤ ᠯᠠᠪᠳᠠᠭᠤᠨ ᠢᠶᠠᠷ ᠣᠷᠣᠶᠢᠯᠠᠪᠠ᠃
ᠡᠨᠡ ᠵᠢᠯ᠂ ᠪᠥᠬᠦ ᠣᠷᠣᠨ ᠤ ᠡᠯ᠎ᠡ ᠭᠠᠵᠠᠷ ᠤᠨ ᠬᠢᠨ ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠶᠢ ᠣᠯᠠᠰᠢᠷᠠᠭᠤᠯᠬᠤ ᠶᠢ ᠶᠡᠬᠡᠪᠡᠷ ᠠᠬᠢᠭᠤᠯᠵᠤ᠂ ᠡᠪᠡᠰᠦ ᠪᠣᠷᠳᠤᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ ᠂ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠠᠬᠢᠭᠤᠯᠵᠤ᠂ ᠰᠦ ᠶᠢᠨ ᠦᠢᠯᠡᠰ ᠤᠨ ᠬᠥᠭᠵᠢᠯᠲᠡ ᠶᠢ ᠦᠨᠡᠨᠬᠦ ᠠᠬᠢᠭᠤᠯᠪᠠ᠃ ᠡᠯ᠎ᠡ ᠭᠠᠵᠠᠷ ᠤᠨ ᠬᠢᠨ ᠦᠷ᠎ᠡ ᠶᠢᠨ ᠮᠠᠯ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠭᠠᠳᠠᠭᠠᠳᠤ ᠠᠴᠠ ᠰᠢᠯᠢᠳᠡᠭ ᠡᠭᠦᠯᠳᠡᠷ ᠤᠨ ᠡᠬᠡ ᠮᠠᠯ ᠪᠣᠯᠤᠨ ᠬᠦᠪᠦᠷᠡᠯ ᠵᠢᠴᠢ ᠢᠴᠡᠭᠡᠯ ᠦᠷ᠎ᠡ ᠣᠷᠣᠭᠤᠯᠬᠤ ᠶᠢ ᠵᠣᠷᠢᠭᠵᠢᠭᠤᠯᠤᠨ ᠳᠡᠮᠵᠢᠵᠦ᠂ ᠬᠠᠳᠤᠨ ᠭᠤᠤᠯ ᠳᠠᠭᠠᠤ ᠶᠢᠨ ᠰᠠᠪᠠ ᠭᠠᠵᠠᠷ ᠤᠨ ᠰᠦ ᠶᠢᠨ ᠦᠢᠯᠡᠰ ᠤᠨ ᠭᠤᠤᠯ ᠭᠠᠷᠤᠯᠲᠠ ᠶᠢᠨ ᠬᠤᠰᠢᠭᠤ ᠰᠢᠶᠠᠨ ᠲᠣᠭᠤᠷᠢᠭ ᠤᠨ ᠢᠴᠡᠬᠡᠯ ᠦᠷ᠎ᠡ ᠶᠢ ᠬᠢᠵᠠᠭᠠᠷᠯᠠᠬᠤ ᠬᠡᠷᠡᠭᠯᠡᠭᠡᠨ ᠤ ᠴᠢᠨᠠᠷᠲᠠᠶ ᠳᠡᠮᠵᠢᠬᠦ ᠵᠡᠷᠭᠡ ᠠᠷᠭ᠎ᠠ ᠬᠡᠮᠵᠢᠶ᠎ᠡ ᠶᠢ ᠳᠡᠯᠭᠡᠷᠡᠭᠦᠯᠬᠦ ᠳᠤ ᠳᠡᠮᠵᠢᠯᠭᠡ ᠦᠵᠡᠭᠦᠯᠵᠦ᠂ ᠰᠠᠭᠠᠯᠢ ᠶᠢᠨ ᠦᠨᠢᠶᠡᠨ ᠤ ᠰᠦᠷᠦᠭ ᠢᠶᠠᠨ ᠥᠷᠭᠡᠳᠬᠡᠵᠦ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠶᠢ ᠲᠦᠷᠬᠡᠳᠬᠡᠪᠡ᠃ ᠪᠥᠬᠦ ᠣᠷᠣᠨ ᠠᠮᠤ ᠪᠤᠳᠠᠭ᠎ᠠ ᠶᠢ ᠪᠣᠷᠳᠤᠭ᠎ᠠ ᠶᠢᠨ ᠲᠠᠷᠢᠮᠠᠯ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠢᠭᠤᠯᠤᠯᠲᠠ ᠪᠣᠯᠣᠨ ᠥᠨᠳᠥᠷ ᠤᠨᠠᠯᠲᠠ ᠲᠠᠢ ᠴᠢᠨᠠᠷ ᠰᠠᠶᠢᠲᠠᠶ ᠴᠠᠷᠭᠠᠰᠤ ᠶᠢᠨ ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠭᠤᠤᠯᠳᠠᠯᠭ᠎ᠠ ᠪᠣᠯᠭᠠᠵᠤ᠂ ᠴᠠᠷᠭᠠᠰᠤ ᠶᠢᠨ ᠲᠠᠷᠢᠮᠠᠯ ᠤᠨ ᠲᠠᠯᠠᠪᠠᠢ ᠶᠢ 500 ᠲᠦᠮᠡᠨ ᠮᠤ᠋ ᠠᠴᠠ ᠳᠡᠭᠡᠭᠰᠢ ᠪᠠᠶᠢᠯᠭᠠᠵᠤ᠂ ᠳᠠᠷᠤᠰᠢ ᠡᠷᠳᠡᠨᠢ ᠰᠢᠰᠢ ᠲᠠᠷᠢᠬᠤ ᠲᠠᠯᠠᠪᠠᠢ ᠶᠢ 1500 ᠲᠦᠮᠡᠨ ᠮᠤ᠋ ᠣᠷᠴᠢᠮ ᠳᠤ ᠬᠦᠷᠦᠭᠦᠯᠵᠦ᠂ ᠰᠠᠭᠠᠯᠢ ᠶᠢᠨ ᠦᠨᠢᠶᠡᠨ ᠤ ᠴᠢᠨᠠᠷ ᠰᠠᠶᠢᠲᠠᠶ ᠪᠦᠳᠦᠭᠦᠯᠢᠭ ᠪᠣᠷᠳᠤᠭ᠎ᠠ ᠶᠢᠨ ᠬᠠᠩᠭᠠᠯᠭ᠎ᠠ ᠶᠢ ᠦᠨᠡᠨᠬᠦ ᠪᠠᠲᠤᠯᠠᠵᠤ᠂ ᠭᠠᠳᠠᠭᠠᠳᠤ ᠠᠴᠠ ᠣᠷᠣᠭᠤᠯᠬᠤ ᠴᠠᠷᠭᠠᠰᠤ ᠶᠢ ᠢᠳᠡᠭ ᠢᠳᠡᠭ ᠢᠶᠠᠷ ᠣᠷᠣᠯᠠᠭᠤᠯᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠪᠠ᠃ ᠡᠭᠦᠨ ᠠᠴᠠ ᠭᠠᠳᠠᠨ᠎ᠠ᠂ ᠪᠥᠬᠦ ᠣᠷᠣᠨ ᠤ ᠡᠯ᠎ᠡ ᠭᠠᠵᠠᠷ ᠤᠨ ᠬᠢᠨ ᠰᠠᠭᠠᠯᠢᠴᠢᠳ ᠤᠨ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ ᠠᠴᠠ ᠡᠷᠭᠢᠯᠡᠭᠰᠡᠨ ᠪᠣᠯᠪᠠᠰᠤᠷᠠᠭᠤᠯᠬᠤ ᠦᠢᠯᠡᠳᠪᠦᠷᠢ ᠶᠢᠨ ᠲᠤᠷᠰᠢᠯᠲᠠ ᠶᠢᠨ ᠠᠵᠢᠯ ᠥᠷᠨᠢᠭᠦᠯᠵᠦ᠂ ᠰᠠᠭᠠᠯᠢᠴᠢᠳ ᠤᠨ ᠲᠡᠵᠢᠭᠡᠨ ᠦᠷᠡᠵᠢᠭᠦᠯᠬᠦ ᠬᠠᠷᠢᠴᠠᠯ ᠢᠶᠠᠷ ᠥᠨᠳᠥᠷ ᠪᠦᠬᠦᠢ ᠭᠠᠵᠠᠷ ᠣᠷᠣᠨ ᠢᠶᠠᠷ ᠭᠤᠤᠯᠳᠠᠯᠭ᠎ᠠ ᠪᠣᠯᠭᠠᠨ᠂ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠪᠣᠯᠣᠨ ᠰᠠᠭᠠᠯᠢᠴᠢᠳ ᠤᠨ ᠬᠤᠷᠰᠢᠶ᠎ᠠ ᠶᠢᠨ ᠬᠥᠭᠵᠢᠯᠲᠡ ᠶᠢ ᠶᠡᠬᠡᠪᠡᠷ ᠠᠬᠢᠭᠤᠯᠵᠤ᠂ ᠰᠠᠭᠠᠯᠢᠴᠢᠳ ᠤᠨ ᠵᠣᠬᠢᠬᠤ ᠬᠡᠪᠴᠢᠶᠡᠲᠦ ᠲᠡᠵᠢᠭᠡᠨ ᠦᠷᠡᠵᠢᠭᠦᠯᠬᠦ ᠭᠤᠤᠯ ᠴᠣᠭᠴᠠ ᠶᠢ 50 ᠪᠣᠶᠢᠵᠢᠭᠤᠯᠬᠤ ᠪᠠᠷ ᠪᠠᠶᠢᠨ᠎ᠠ᠃