ᠵᠤᠬᠢᠶᠠᠭᠴᠢ:
ᠴᠠᠭ:2018-10-01
ᠥᠵᠡᠭᠰᠡᠨ : ℃
ᠢᠷᠡᠯᠲᠡ:
ᠮᠠᠨ ᠣᠷᠣᠨ ᠬᠥᠳᠡᠭᠡ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠢᠳᠡᠪᠬᠢᠲᠡᠶ ᠦᠷ᠎ᠡ ᠪᠦᠲᠦᠮᠵᠢ ᠣᠯᠪᠠ
2018 ᠮᠠᠨ ᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠳᠤ ᠨᠡᠶᠢᠲᠡ ᠲᠠᠷᠢᠭᠰᠠᠨ ᠲᠠᠯᠠᠪᠠᠢ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢ ᠠᠳᠠᠯᠢ ᠬᠤᠭᠤᠴᠠᠭᠠᠨ ᠤ ᠬᠢ ᠲᠠᠢ ᠲᠡᠩᠴᠡᠭᠰᠡᠨ ᠪᠣᠶᠣ ᠵᠢᠭᠠᠬᠠᠨ ᠨᠡᠮᠡᠭᠳᠡᠵᠦ᠂ ᠠᠵᠤ ᠠᠬᠤᠢ ᠶᠢᠨ ᠲᠠᠷᠢᠮᠠᠯ ᠪᠣᠯᠣᠨ ᠲᠡᠵᠢᠭᠡᠯ ᠪᠣᠷᠳᠣᠭᠠᠨ ᠤ ᠲᠠᠷᠢᠮᠠᠯ ᠨᠡᠮᠡᠭᠳᠡᠭᠰᠡᠨ ᠪᠠᠶᠢᠳᠠᠯ ᠢᠯᠡᠷᠡᠪᠡ᠃ ᠲᠠᠷᠢᠶᠠᠯᠠᠩ ᠤᠨ ᠪᠠᠶᠢᠳᠠᠯ ᠤᠨ ᠲᠤᠭᠢᠷᠠᠭᠤᠯᠤᠯᠲᠠ ᠶᠢ ᠦᠨᠳᠦᠰᠦᠯᠡᠪᠡᠯ᠂ ᠨᠡᠶᠢᠲᠡ ᠲᠠᠷᠢᠭᠰᠠᠨ ᠲᠠᠯᠠᠪᠠᠶ 13178.46 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 97.43 ᠲᠦᠮᠡᠨ ᠮᠦ ᠨᠡᠮᠡᠭᠳᠡᠵᠦ᠂ ᠠᠮᠤ ᠪᠤᠳᠠᠭᠠᠨ ᠤ ᠲᠠᠷᠢᠮᠠᠯ 10233.73 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.19 ᠲᠦᠮᠡᠨ ᠮᠦ ᠨᠡᠮᠡᠭᠳᠡᠪᠡ᠃ ᠣᠳᠣᠬᠠᠨ ᠳᠤ᠂ ᠨᠢᠭᠡ ᠬᠤᠶᠠᠳᠤᠭᠠᠷ ᠲᠥᠷᠥᠯ ᠤᠨ ᠴᠢᠬᠢ 89% ᠶᠢ ᠡᠵᠡᠯᠡᠵᠦ᠂ ᠲᠠᠷᠢᠮᠠᠯ ᠤᠨ ᠴᠢᠬᠢᠨ ᠤ ᠪᠠᠶᠢᠳᠠᠯ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠃ ᠠᠮᠤ ᠪᠤᠳᠠᠭᠠᠨ ᠤ ᠲᠠᠷᠢᠮᠠᠯ ᠳᠤ ᠭᠤᠷᠪᠠ ᠬᠠᠰᠤᠭᠳᠠᠨ ᠬᠤᠶᠠᠷ ᠨᠡᠮᠡᠭᠳᠡᠭᠰᠡᠨ ᠪᠠᠶᠢᠳᠠᠯ ᠢᠯᠡᠷᠡᠪᠡ᠃ ᠡᠷᠳᠡᠨᠢ ᠰᠢᠰᠢ᠂ ᠪᠤᠭᠤᠲᠠᠢ᠂ ᠲᠥᠮᠥᠰᠥ ᠶᠢᠨ ᠲᠠᠯᠠᠪᠠᠢ ᠬᠠᠰᠤᠭᠳᠠᠵᠤ᠂ ᠲᠤᠲᠤᠷᠭ᠎ᠠ᠂ ᠰᠢᠷ᠎ᠠ ᠪᠤᠷᠴᠠᠭ ᠤᠨ ᠲᠠᠯᠠᠪᠠᠢ ᠨᠡᠮᠡᠭᠳᠡᠪᠡ ᠃ ᠡᠷᠳᠡᠨᠢ ᠰᠢᠰᠢ ᠶᠢᠨ ᠲᠠᠯᠠᠪᠠᠢ 5373.36 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 56.13 ᠲᠦᠮᠡᠨ ᠮᠦ ᠬᠠᠰᠤᠭᠳᠠᠵᠤ᠂ 1.03% ᠬᠠᠰᠤᠭᠳᠠᠪᠠ᠃ ᠲᠥᠮᠥᠰᠥ ᠶᠢᠨ ᠲᠠᠯᠠᠪᠠᠢ 745.57 ᠲᠦᠮᠡᠨ ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 181.46 ᠲᠦᠮᠡᠨ ᠮᠦ ᠬᠠᠰᠤᠭᠳᠠᠵᠤ᠂ 19.57% ᠬᠠᠰᠤᠭᠳᠠᠪᠠ᠃ ᠪᠤᠭᠤᠳᠡᠢ ᠶᠢᠨ ᠲᠡᠯᠡᠪᠡᠢ ᠨᠢ 914.56 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 63.01 ᠮᠦ ᠬᠠᠰᠤᠭᠳᠠᠵᠤ᠂ 6.45% ᠬᠠᠰᠤᠭᠳᠠᠪᠠ︔ ᠰᠢᠷ᠎ᠠ ᠪᠤᠷᠴᠠᠭ ᠤᠨ ᠲᠠᠯᠠᠪᠠᠶ 1433.69 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 367.89 ᠲᠦᠮᠡᠨ ᠮᠦ ᠨᠡᠮᠡᠭᠳᠡᠵᠦ᠂ 34.52% ᠨᠡᠮᠡᠭᠳᠡᠪᠡ︔ ᠲᠤᠲᠤᠷᠭ᠎ᠠ ᠶᠢᠨ ᠲᠠᠯᠠᠪᠠᠢ 236.42 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.86 ᠲᠦᠮᠡᠨ ᠮᠦ ᠨᠡᠮᠡᠭᠳᠡᠵᠦ᠂ 9.68% ᠨᠡᠮᠡᠭᠳᠡᠪᠡ᠃