ᠵᠤᠬᠢᠶᠠᠭᠴᠢ: 
							ᠴᠠᠭ:2018-09-20
							ᠥᠵᠡᠭᠰᠡᠨ :  ℃
                                                        ᠢᠷᠡᠯᠲᠡ: 
						
						
							ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ						
						
												
	 2018 ᠤᠨ  ᠤ 9 ᠳ᠋ᠦ᠋ᠭᠡᠷ ᠰᠠᠷᠠ ᠶᠢᠨ 19 ᠤ ᠡᠳᠦᠷ᠂ ᠪᠥᠬᠦ ᠣᠷᠣᠨ ᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠳᠤ ᠬᠤᠷᠠᠯᠳᠤᠪᠠ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠶᠤᠨ ᠤ ᠪᠣᠯᠪᠠᠰᠤᠨ ᠤ ᠠᠯᠪᠠᠨ ᠬᠡᠷ ᠵᠡᠷᠭᠡ ᠬᠠᠮᠢᠶᠠ ᠪᠥᠬᠦᠶ ᠰᠠᠯᠠᠭᠠ ᠮᠥᠴᠢᠷ ᠤᠨ ᠤᠳᠤᠷᠢᠳᠤᠯᠭᠠ ᠵᠢᠴᠢ ᠡᠯᠡ ᠠᠶᠢᠮᠠᠭ ᠬᠤᠲᠠ ᠶᠢᠨ ᠬᠠᠮᠢᠶᠠ ᠪᠥᠬᠦᠶ ᠠᠵᠢᠯᠲᠠᠳ ᠬᠤᠷᠠᠯ ᠳᠤ ᠃
 ᠬᠤᠷᠠᠯ ᠠᠴᠠ ᠵᠢᠭᠠᠭᠰᠠᠨ ᠨᠢ᠂ ᠰᠢ ᠶᠢᠨ ᠫᠢᠩ ᠤᠨ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠ ᠶᠢ ᠭᠦᠨᠵᠡᠭᠡᠢ ᠰᠤᠷᠤᠯᠴᠠᠨ ᠂ ᠰᠢᠨᠡ  ᠳᠣᠣᠷᠠ  ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠰᠠᠭᠤᠳᠠᠯ ᠳᠤ ᠠᠩᠬᠠᠷᠤᠯ ᠢᠶᠠᠨ  ᠂ ᠳᠤᠲᠠᠭᠤᠳᠠᠯ ᠢ ᠨᠥᠬᠦᠪᠥᠷᠢᠯᠡᠵᠦ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠬᠠᠨᠳᠤᠯᠭᠠᠲᠤ ᠴᠢᠨᠠᠷ ᠪᠠ ᠪᠦᠳᠦᠮᠵᠢᠳᠤ ᠴᠢᠨᠠᠷ ᠢ ᠦᠨᠡᠨ ᠬᠦ ᠴᠢᠩᠭᠠᠳᠬᠠᠵᠤ᠂ ᠮᠠᠯᠴᠢᠨ  ᠶᠡᠷᠦᠩᠬᠡᠶ ᠬᠡᠪ ᠴᠢᠨᠠᠷ ᠪᠠ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠬᠢᠷᠢ   ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂  ᠵᠣᠷᠢᠭ ᠤᠬᠠᠭᠠᠨ ᠬᠤᠶᠠᠷ ᠢᠶᠠᠷ ᠲᠡᠳᠬᠦᠬᠦ  ᠶᠠᠪᠤᠳᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦ ᠨᠡᠮᠡᠷᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭᠠ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ   ᠂ ᠣᠷᠣᠭᠤᠯᠤᠯᠲᠠ ᠶᠢᠨ ᠡᠷᠴᠢᠮ ᠢᠶᠠᠨ ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠪᠠ  ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠴᠢᠩᠭᠠ ᠠᠳᠬᠤᠵᠤ ᠰᠢᠷᠭᠠᠭᠤ ᠠᠵᠢᠯᠯᠠᠨ᠂ ᠤᠷᠲᠤ ᠬᠤᠭᠤᠴᠠᠭᠠ ᠪᠠᠷ ᠴᠢᠷᠮᠠᠶᠢᠨ ᠭᠠᠪᠢᠶᠠ ᠵᠢᠳᠬᠦᠯ ᠭᠠᠷᠭᠠᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠠᠮᠲᠤᠪᠠᠷ  ᠠᠬᠢᠭᠤᠯᠬᠤ ᠬᠦᠴᠦᠨ ᠲᠡᠭᠦᠯᠳᠡᠷ ᠠᠵᠢᠯ ᠤᠨ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠡᠢ᠃
 ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠲᠦᠩᠯᠢᠶᠣᠤ ᠬᠤᠳᠠ ᠶᠢᠨ ᠨᠠᠢᠮᠠᠨ ᠬᠤᠰᠢᠭᠤᠨ ᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠦᠷᠡ ᠪᠦᠲᠦᠭᠡᠯ ᠢ    ᠲᠦᠩᠯᠢᠶᠣᠤ ᠬᠤᠳᠠ᠂ ᠨᠠᠢᠮᠠᠨ ᠬᠤᠰᠢᠭᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠢᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ᠂ ᠰᠣᠶᠣᠯ ᠤᠨ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠨᠢᠭᠡᠴᠢ ᠨᠣᠭᠦᠳ ᠲᠣᠷᠰᠢᠯᠭᠠ ᠰᠣᠯᠢᠯᠴᠠᠬᠤ ᠶᠠᠷᠢᠶᠠ ᠢᠯᠡᠳᠭᠡᠯ ᠬᠢᠵᠠᠢ ᠃