ᠵᠤᠬᠢᠶᠠᠭᠴᠢ:
ᠴᠠᠭ:2017-03-20
ᠥᠵᠡᠭᠰᠡᠨ : ℃
ᠢᠷᠡᠯᠲᠡ:
2017 ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠰᠡ ᠨᠢᠭᠡ ᠵᠠᠮᠳᠠᠭᠠᠤ ᠤᠯᠤᠰ ᠯᠤᠭ᠎ᠠ ᠭᠠᠳᠠᠭᠠᠳᠤᠠᠷᠠᠯᠵᠢᠶᠠ ᠰᠠᠶᠢᠵᠢᠷᠠᠬᠤ ᠬᠠᠨᠳᠤᠰᠢ ᠲᠠᠢ ᠪᠤᠯᠵᠤ᠂ ᠰᠠᠷ᠎ᠠ ᠳᠤᠭᠠᠳᠠᠭᠠᠳᠦ ᠤᠷᠤᠭᠤᠯᠤᠯᠲᠠ ᠭᠠᠷᠭᠠᠯᠲᠠ ᠠᠷᠠᠳ ᠤᠨ ᠵᠣᠭᠤᠰ ᠨᠡᠶᠢᠲᠡ 50.2 ᠳ᠋ᠦᠩᠰᠢᠭᠤᠷ ᠂ ᠠᠳᠠᠯᠢ ᠬᠤᠭᠤᠴᠠᠭᠠᠨ ᠤ ᠬᠢ ᠠᠴᠠ 38.5% ᠨᠡᠮᠡᠭᠳᠡᠪᠡ᠂ ᠡᠭᠦᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠢᠭᠡ ᠪᠦᠰᠡ ᠨᠢᠭᠡ ᠵᠠᠮ ᠳᠠᠭᠠᠤ ᠤᠯᠤᠰ ᠯᠤᠭ᠎ᠠ ᠭᠠᠳᠠᠭᠠᠳᠤᠤᠷᠤᠭᠤᠯᠤᠯᠲᠠ ᠭᠠᠷᠭᠠᠯᠲᠠ 42.9 ᠳ᠋ᠦᠩᠰᠢᠭᠤᠷ ᠬᠦᠷᠴᠦ᠂ 85.5% ᠶᠢ ᠡᠵᠡᠯᠡᠪᠡ᠃ᠮᠠᠨᠵᠤᠤᠷ ᠪᠣᠭᠤᠮᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠣᠳᠣᠬᠠᠨ ᠳᠤ ᠠᠵᠤ ᠠᠬᠤᠶᠢᠯᠠᠯ ᠤᠳ ᠤᠨ ᠨᠢᠭᠡ ᠪᠦᠰᠡ ᠨᠢᠭᠡ ᠵᠠᠮ ᠳᠠᠭᠠᠤ ᠤᠯᠤᠰ ᠯᠤᠭ᠎ᠠ ᠶᠢᠨᠭᠠᠳᠠᠭᠠᠳᠦ ᠤᠷᠤᠭᠤᠯᠤᠯᠲᠠ ᠭᠠᠷᠭᠠᠯᠲᠠ ᠶᠢᠨ ᠲᠠᠸᠠᠷ ᠤᠨᠲᠦᠷᠦᠯ ᠨᠢ ᠨᠢᠭᠡᠨᠲᠡ 1170 ᠵᠦᠢᠯ ᠳᠤ ᠬᠦᠷᠴᠡᠢ᠃ ᠭᠠᠭᠴᠠ ᠵᠦᠢᠯ ᠤᠨ ᠲᠠᠸᠠᠷ ᠤᠨ ᠳᠤᠲᠤᠷ᠎ᠠ ᠨᠡᠷᠡᠨ ᠦᠷ᠎ᠡ ᠶᠢᠨ ᠭᠠᠳᠠᠭᠠᠳᠤ ᠭᠠᠷᠭᠠᠯᠲᠠ ᠤᠷᠤᠶᠢᠯᠠᠵᠤ᠂ ᠵᠡᠰ ᠤᠨ ᠬᠦᠳᠡᠷ ᠤᠨ ᠡᠯᠡᠰᠦ ᠵᠢᠴᠢ ᠬᠦᠳᠡᠷ ᠤᠨ ᠭᠠᠳᠠᠭᠠᠳᠤ ᠤᠷᠤᠭᠤᠯᠤᠯᠲᠠ ᠶᠡᠬᠡᠩᠬᠢ ᠬᠤᠪᠢ ᠶᠢᠡᠵᠡᠯᠡᠵᠦ᠂ ᠬᠡᠤᠷᠰᠢᠭᠦᠯᠦᠭᠰᠡᠨ ᠨᠡᠭᠦᠷᠡᠰᠦ ᠶᠢᠨ ᠭᠠᠳᠠᠭᠠᠳᠦᠤᠷᠤᠭᠤᠯᠤᠯᠲᠠ 10.2 ᠳ᠋ᠦᠩᠰᠢᠭᠤᠷ ᠬᠦᠷᠴᠦ᠂ 3. 4 ᠳᠠᠬᠢᠨ ᠨᠡᠮᠡᠭᠳᠡᠵᠦ᠂ ᠠᠳᠠᠯᠢ ᠬᠤᠭᠤᠴᠠᠭᠠᠨ ᠤ ᠨᠢᠭᠡ ᠪᠦᠰᠡ ᠨᠢᠭᠡ ᠵᠠᠮ ᠳᠠᠭᠠᠤ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠶᠡᠷᠦᠩᠬᠡᠶ ᠦᠷᠳᠡᠭ ᠤᠨ 28.4% ᠶᠢ ᠡᠵᠡᠯᠡᠪᠡ᠃ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠠᠵᠤ ᠠᠬᠤᠶᠢᠯᠠᠯ ᠤᠨ ᠠᠽᠢᠶ᠎ᠠ ᠲᠢᠪ ᠤᠨᠵᠠᠮ ᠳᠠᠭᠠᠤ ᠤᠯᠤᠰ ᠪᠣᠯᠤᠨ ᠭᠠᠵᠠᠷ ᠣᠷᠣᠨ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ 32. 0 ᠳ᠋ᠦᠩᠰᠢᠭᠤᠷ ᠬᠦᠷᠴᠦ᠂ 53.0% ᠶᠡᠭᠡ ᠪᠠᠷᠨᠡᠮᠡᠭᠳᠡᠵᠦ᠂ ᠠᠳᠠᠯᠢ ᠬᠤᠭᠤᠴᠠᠭᠠᠨ ᠤ ᠠᠵᠤ ᠠᠬᠤᠶᠢᠯᠠᠯ ᠤᠨ ᠨᠢᠭᠡ ᠪᠦᠰᠡ ᠨᠢᠭᠡ ᠵᠠᠮ ᠳᠠᠭᠠᠤ ᠤᠯᠤᠰ ᠯᠤᠭ᠎ᠠ ᠶᠢᠨᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠤᠨ 63.8% ᠶᠢ ᠡᠵᠡᠯᠡᠪᠡ᠃ ᠵᠠᠳᠠᠯᠤᠨ ᠰᠢᠨᠵᠢᠯᠡᠭᠴᠢ ᠶᠢᠨ ᠵᠢᠭᠠᠵᠤ ᠭᠠᠷᠭᠠᠭᠰᠠᠨ ᠨᠢ᠂ ᠣᠳᠣᠬᠠᠨ ᠢᠶᠠᠷᠠᠪᠴᠤ ᠦᠵᠡᠪᠡᠯ᠂ ᠠᠵᠤ ᠠᠬᠤᠶᠢᠯᠠᠯ ᠤᠨ ᠬᠢᠷᠦᠭᠡᠲᠡᠮᠡᠯᠮᠣᠳᠣ᠂ ᠨᠡᠭᠦᠷᠡᠰᠦ᠂ ᠡᠯᠡᠰᠦᠯᠢᠭ ᠡᠷᠦᠳᠡᠰᠦ ᠵᠡᠷᠭᠡ ᠦᠢᠯᠡᠳᠬᠦᠨ ᠤ ᠭᠠᠳᠠᠭᠠᠳᠤ ᠤᠷᠤᠭᠤᠯᠤᠯᠲᠠ ᠶᠢᠨ ᠬᠡᠪᠴᠢᠶᠡᠴᠥᠮ ᠦᠷᠭᠡᠳᠬᠦ ᠶᠢᠨ ᠵᠡᠷᠭᠡᠪᠡᠷ ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠵᠦ᠂ ᠬᠢᠮᠢ ᠶᠢᠨ ᠪᠤᠷᠳᠤᠭᠤᠷ ᠤᠨᠵᠠᠬ᠎ᠠ ᠳᠡᠯᠭᠡᠭᠦᠷ ᠴᠤ ᠬᠥᠰᠢᠭᠡ ᠪᠠᠨ ᠰᠡᠬᠦᠵᠦ᠂ ᠣᠯᠠᠨ ᠲᠦ᠋ᠷᠦᠯ ᠤᠨ ᠦᠢᠯᠡᠳᠬᠦᠨ ᠤ ᠵᠠᠶᠢᠯᠠᠰᠢ ᠦᠭᠡᠶ ᠬᠡᠷᠡᠭᠴᠡᠭᠡᠱᠠᠭᠠᠷᠳᠠᠯᠭᠠ ᠨᠢ ᠪᠠᠰᠠ ᠠᠵᠤ ᠠᠬᠤᠶᠢᠯᠠᠯ ᠤᠨ ᠨᠢᠭᠡ ᠪᠦᠰᠡ ᠨᠢᠭᠡ ᠵᠠᠮ ᠳᠠᠭᠠᠤ ᠤᠯᠤᠰ ᠯᠤᠭ᠎ᠠ ᠶᠢᠨᠭᠠᠳᠠᠭᠠᠳᠤ ᠤᠷᠤᠭᠤᠯᠤᠯᠲᠠ ᠶᠢᠨ ᠬᠡᠮᠵᠢᠶ᠎ᠡ ᠶᠡᠭᠡ ᠪᠠᠷ ᠨᠡᠮᠡᠭᠳᠡᠬᠦ ᠶᠢ ᠳᠠᠶᠢᠴᠢᠯᠠᠬᠤ ᠪᠤᠯᠤᠨ᠎ᠠ᠃