ᠵᠤᠬᠢᠶᠠᠭᠴᠢ:
ᠴᠠᠭ:2017-03-11
ᠥᠵᠡᠭᠰᠡᠨ : ℃
ᠢᠷᠡᠯᠲᠡ:
2017 3 ᠳ᠋ᠤᠭᠠᠷ ᠰᠠᠷ᠎ᠠ ᠶᠢᠨ 9 ᠤ ᠡᠳᠦᠷ᠂ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠣᠯᠤᠨ ᠪᠠᠶᠠᠨᠨᠠᠭᠤᠷ ᠬᠤᠳᠠ ᠶᠢᠨᠵᠠᠰᠠᠭ ᠤᠨ ᠣᠷᠳᠣᠨ ᠤ ᠬᠠᠮᠲᠤᠷᠠᠨ ᠡᠷᠭᠢᠯᠡᠭᠰᠡᠨ 2017 ᠣᠨ ᠤ ᠬᠠᠪᠤᠷ ᠤᠨ ᠠᠩᠬ᠎ᠠ ᠲᠠᠷᠢᠶᠠᠯᠭ᠎ᠠ ᠶᠢᠨ ᠲᠤᠬᠠᠶ ᠶᠢᠨ ᠬᠤᠷᠠᠯ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤᠯᠦᠩ ᠰᠢᠩ ᠴᠠᠩ ᠪᠠᠯᠭᠠᠰᠤ ᠳᠤ ᠬᠤᠷᠠᠯᠳᠤᠵᠤ᠂ ᠨᠠᠢᠮᠠᠨ ᠵᠠᠭᠤᠨ ᠭᠠᠵᠠᠷ ᠤᠨᠪᠣᠷᠣ ᠲᠣᠬᠤᠶ ᠶᠢᠨ ᠬᠠᠪᠤᠷ ᠤᠨ ᠠᠩᠬᠠᠨ ᠤ ᠪᠤᠭᠤᠳᠠᠢ ᠲᠡᠷᠢᠬᠤ ᠶᠢ ᠳᠠᠭᠠᠯᠳᠤᠨ᠂ ᠪᠦᠬᠦ ᠣᠷᠣᠨ ᠤ ᠬᠠᠪᠤᠷ ᠤᠨ ᠠᠵᠢᠯ ᠪᠠᠷᠠᠭᠤᠨ ᠠᠴᠠ ᠵᠡᠭᠦᠨᠰᠢ ᠪᠠᠨᠪᠦᠬᠦ ᠲᠠᠯ᠎ᠠ ᠪᠠᠷ ᠦᠷᠨᠢᠵᠤ ᠡᠬᠢᠯᠡᠪᠡ᠃
2017 ᠪᠠᠶᠠᠨᠨᠠᠭᠤᠷ ᠬᠤᠲᠠ ᠲᠠᠷᠢᠶᠠᠯᠠᠩ ᠮᠠᠯ ᠠᠵᠤ ᠠᠬᠤᠢ ᠶᠢᠨᠬᠠᠩᠭᠠᠯᠭᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠡᠨᠡᠬᠦ ᠭᠤᠣᠯ ᠰᠢᠵᠢᠮ ᠢ ᠠᠳᠬᠤᠵᠤ᠂ ᠲᠠᠷᠢᠮᠠᠯ ᠤᠨ ᠦᠢᠯᠡᠰ ᠨᠢ ᠠᠮᠤ ᠪᠤᠳᠠᠭᠠᠨ ᠤ ᠭᠠᠷᠤᠯᠲᠠ ᠶᠢ ᠲᠣᠭᠲᠠᠪᠤᠷᠢᠵᠢᠭᠤᠯᠬᠤ᠂ ᠡᠵᠡᠩᠨᠡᠯᠲᠡ ᠶᠢᠰᠢᠯᠢᠳᠡᠭᠵᠢᠬᠦᠯᠬᠦ᠂ ᠪᠤᠷᠳᠤᠭ᠎ᠠ ᠶᠢᠨ ᠬᠡᠪᠴᠢᠶ᠎ᠡ ᠶᠢ ᠥᠷᠭᠡᠳᠬᠡᠬᠦ ᠱᠠᠭᠠᠷᠳᠠᠯᠭ᠎ᠠ ᠶᠣᠰᠣᠭᠠᠷ᠂ ᠠᠮᠤ ᠪᠤᠳᠠᠭ᠎ᠠ ᠶᠢᠨ ᠶᠡᠷᠦᠩᠬᠡᠶ ᠲᠡᠷᠢᠬᠤᠲᠠᠯᠠᠪᠠᠢ ᠶᠢ 500 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 60 ᠳ᠋ᠦᠡᠭᠰᠢᠭᠤᠷᠵᠢᠩ ᠠᠴᠠ ᠲᠣᠭᠲᠠᠭᠤᠨ ᠪᠠᠶᠢᠯᠭᠠᠬᠤ ᠶᠢᠪᠠᠲᠤᠯᠠᠬᠤ ᠪᠤᠯᠤᠨ᠎ᠠ᠃ ᠪᠤᠭᠤᠳᠠᠶ ᠶᠢᠨ ᠳᠠᠷᠠᠭ᠎ᠠ ᠳᠠᠬᠢᠨ ᠲᠠᠷᠢᠬᠤ ᠪᠠ ᠠᠯᠠᠭᠯᠠᠨ ᠲᠡᠷᠢᠬᠤ ᠲᠤᠬᠤᠵᠤ ᠲᠠᠷᠢᠬᠤᠮᠡᠷᠭᠡᠵᠢᠯ ᠳᠡᠯᠭᠡᠷᠡᠬᠦᠯᠬᠦ ᠳᠠᠮᠵᠢᠭᠤᠯᠤᠨ᠂ ᠴᠢᠨᠠᠷ ᠰᠠᠶᠢᠲᠠᠶᠪᠤᠭᠤᠳᠠᠢ ᠦᠢᠯᠡᠳᠪᠦᠷᠢᠯᠡᠯ ᠢ ᠭᠤᠣᠯᠳᠠᠯᠭ᠎ᠠ ᠲᠠᠢᠰᠠᠶᠢᠲᠤᠷ ᠠᠳᠬᠤᠵᠤ ᠪᠤᠭᠤᠳᠠᠢ ᠲᠠᠯᠠᠪᠠᠶ 150 ᠲᠦᠮᠡᠨ ᠬᠦᠷᠦᠬᠦᠯᠵᠤ᠂ 20 ᠲᠦᠮᠡᠨᠮᠦ ᠶᠢ ᠰᠢᠨ᠎ᠡ ᠨᠡᠮᠡᠭᠳᠡᠬᠦᠯᠬᠦ ᠶᠢᠨ ᠬᠠᠮᠲᠤ ᠬᠠᠩᠭᠢᠨᠬᠤᠶᠢᠲᠤ ᠬᠤᠰᠢᠭᠤ᠂ ᠯᠢᠨᠾᠧ ᠲᠣᠭᠤᠷᠢᠭ᠂ ᠦᠶᠤᠸᠠᠨ ᠰᠢᠶᠠᠨ ᠳᠤ ᠴᠢᠨᠠᠷ ᠰᠠᠶᠢᠲᠠᠶ ᠪᠤᠭᠤᠳᠠᠢ ᠶᠢᠨ ᠲᠦᠮᠡᠨ ᠮᠦ ᠶᠢᠨᠵᠠᠯᠭᠠᠯᠳᠤᠭᠰᠠᠨ ᠭᠤᠷᠪᠠᠨ ᠲᠠᠷᠢᠬᠤ ᠲᠠᠯᠠᠪᠠᠢ ᠶᠢ ᠪᠤᠢᠪᠤᠯᠭᠠᠬᠤ ᠪᠠᠷ ᠪᠠᠶᠢᠨ᠎ᠠ᠃
ᠤᠳᠤᠬᠠᠨ ᠳᠤ᠂ ᠪᠥᠬᠦ ᠣᠷᠣᠨ ᠤᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠳ ᠲᠠᠷᠢᠬᠤ ᠴᠠᠭ ᠢ ᠡᠵᠡᠮᠰᠢᠵᠤ᠂ᠡᠷᠲᠡ ᠠᠴᠠ ᠲᠦᠯᠦᠪᠯᠡᠵᠤ᠂ ᠵᠣᠬᠢᠴᠠᠭᠤᠯᠤᠨ ᠬᠠᠮᠵᠢᠯᠴᠠᠵᠤ᠂ ᠨᠢᠭᠡᠳᠦᠯᠲᠡᠶ ᠲᠤᠬᠢᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ᠃ᠪᠠᠶᠢᠴᠠᠭᠠᠯᠲᠠ ᠦᠵᠡᠪᠡᠯ᠂ ᠪᠥᠬᠦ ᠣᠷᠣᠨ ᠤ ᠲᠠᠷᠢᠶᠠᠯᠠᠬᠤ ᠰᠠᠨᠠᠮᠵᠢ ᠨᠢ ᠶᠠᠷᠦᠩᠭᠡᠶᠢᠯᠡᠨ ᠲᠠᠷᠢᠵᠤ ᠪᠠᠭᠠᠨᠡᠮᠡᠭᠳᠡᠬᠦᠯᠬᠦ᠂ ᠠᠮᠤ ᠪᠤᠳᠠᠭ᠎ᠠ ᠲᠤᠭᠲᠠᠪᠤᠷᠢᠵᠢᠭᠤᠯᠬᠤ᠂ ᠲᠡᠵᠢᠭᠡᠯ ᠪᠣᠷᠳᠤᠭ᠎ᠠ ᠨᠡᠮᠡᠭᠳᠡᠬᠦᠯᠬᠦ ᠬᠠᠨᠳᠤᠰᠢ ᠲᠠᠢ ᠪᠠᠶᠢᠨ᠎ᠠ᠃
ᠡᠯ᠎ᠡ ᠭᠠᠵᠠᠷ ᠤᠨ ᠬᠢᠨ ᠲᠦᠷᠭᠡᠨᠠᠮᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢᠶᠠᠨ ᠬᠦᠢᠴᠡᠳ ᠪᠠᠶᠢᠨ᠎ᠠ᠃ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠦᠢᠯᠡᠳᠪᠦᠷᠢᠯᠡᠯ ᠤᠨ ᠬᠡᠷᠡᠭᠴᠡᠭᠡ ᠪᠤᠯᠤᠨ ᠪᠦᠲᠦᠴᠡ ᠶᠢᠨᠲᠣᠬᠢᠷᠠᠭᠤᠯᠤᠯᠲᠠ ᠶᠢᠨ ᠴᠢᠭᠯᠡᠯ ᠦᠨᠳᠦᠰᠦᠯᠡᠨ᠂ ᠡᠵᠡᠩᠨᠡᠨ ᠪᠣᠷᠣᠯᠠᠭᠤᠯᠬᠤᠬᠤᠳᠠᠯᠳᠤᠭᠠᠴᠢᠳ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠡᠯᠡᠲᠦᠷᠦᠯ ᠤᠨ ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠬᠡᠷᠡᠭᠰᠡᠯ ᠨᠥᠭᠡᠴᠡᠯᠡᠬᠦ ᠠᠵᠢᠯ ᠵᠣᠬᠢᠶᠠᠨ ᠪᠠᠶᠢᠭᠤᠯᠪᠠ ᠃ᠪᠦᠬᠦ ᠣᠷᠣᠨ ᠡᠯ᠎ᠡ ᠲᠥᠷᠥᠯ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭ᠎ᠠ ᠬᠦᠷᠭᠡᠬᠦᠨᠤᠷᠮᠠ ᠨᠡᠶᠢᠳᠡᠮ ᠳᠡᠭᠡᠨ 60% ᠠᠴᠠ ᠪᠠᠶᠢᠵᠤ ᠵᠠᠷᠢᠮ ᠨᠢ 80% ᠳᠤ ᠬᠦᠷᠴᠦ ᠭᠤᠣᠯ ᠡᠵᠡᠩᠨᠡᠨ ᠪᠣᠷᠣᠯᠠᠭᠤᠯᠬᠤ ᠪᠤᠯᠤᠨ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠨᠢᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠶᠢ ᠪᠦᠷᠢᠨ ᠴᠢᠳᠠᠪᠠ᠃ ᠡᠭᠦᠨ ᠠᠴᠠ ᠭᠠᠳᠠᠨ᠎ᠠ᠂ ᠡᠨᠡ ᠵᠢᠯ ᠭᠠᠵᠠᠷᠬᠦᠯᠳᠡᠬᠦ ᠠᠴᠠ ᠡᠮᠦᠨ᠎ᠡ ᠪᠦᠬᠦ ᠣᠷᠣᠨ ᠤ ᠬᠥᠷᠥᠰᠥ ᠰᠢᠷᠣᠶ ᠶᠢᠨ ᠨᠢᠬᠡᠳᠦᠭᠡᠷ᠂ ᠬᠤᠶᠠᠳᠤᠭᠠᠷ᠂ ᠭᠤᠷᠪᠠᠳᠤᠭᠠᠷᠲᠥᠷᠥᠯ ᠤᠨ ᠲᠠᠯᠠᠪᠠᠶ ᠨᠢ ᠲᠤᠰ ᠲᠤᠰ ᠲᠠᠷᠢᠶᠠᠯᠠᠬᠤᠤᠷᠤᠨ ᠤ ᠪᠦᠬᠦ ᠲᠠᠯᠠᠪᠠᠢ ᠶᠢᠨ 32.3%᠂ 40.2%᠂ 27.5% ᠶᠢ ᠡᠵᠡᠯᠡᠵᠤ᠂ ᠬᠦᠯᠳᠡᠬᠦ ᠠᠴᠠ ᠡᠮᠦᠨ᠎ᠡ ᠰᠠᠶᠢᠲᠠᠶ ᠪᠠᠶᠢᠵᠤ᠂ ᠬᠠᠪᠤᠷ ᠤᠨ ᠲᠠᠷᠢᠶᠠᠯᠭ᠎ᠠ ᠶᠢᠨᠨᠥᠬᠦᠴᠡᠯ ᠳᠤ ᠨᠡᠩ ᠠᠰᠢᠭᠲᠠᠶ ᠪᠤᠯᠪᠠ᠃ ᠤᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ ᠤ ᠦᠢᠯᠡᠳᠪᠦᠷᠢᠯᠡᠯ ᠰᠢᠨ᠎ᠡ ᠶᠢ ᠡᠭᠦᠳᠬᠦ᠂᠂ ᠪᠤᠬᠢᠷᠳᠤᠯ ᠦᠭᠡᠢ᠂ ᠨᠡᠭᠡᠭᠡᠯᠲᠡ ᠲᠠᠢ ᠪᠦᠭᠡᠳ ᠬᠠᠮᠲᠤ ᠪᠠᠷᠬᠦᠷᠲᠡᠬᠦ ᠰᠢᠨ᠎ᠡ ᠤᠨᠤᠯᠵᠢᠬᠤᠨ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠲᠠᠷᠢᠶᠠᠯᠠᠩ ᠤᠨ ᠬᠠᠩᠭᠠᠯᠭ᠎ᠠ ᠶᠢᠨᠲᠠᠯᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠲᠦᠯᠬᠢᠨᠠᠬᠢᠭᠤᠯᠬᠤ ᠠᠵᠢᠯ ᠤᠨ ᠭᠤᠤᠯᠰᠢᠵᠢᠮ ᠲᠠᠢ ᠤᠶᠠᠯᠳᠤᠭᠤᠯᠤᠨ᠂ ᠲᠠᠷᠢᠮᠠᠯ ᠤᠨᠶᠡᠷᠦᠩᠬᠡᠶ ᠳᠠᠷᠢᠬᠤ ᠳᠠᠯᠠᠪᠠᠢ 1 ᠳ᠋ᠦᠩᠰᠢᠭᠤᠷ ᠮᠦ ᠠᠴᠠ ᠪᠠᠶᠢᠯᠭᠠᠵᠤ᠂ ᠠᠮᠤ ᠪᠤᠳᠠᠭᠠᠨ ᠲᠡᠷᠢᠬᠤ ᠲᠠᠯᠠᠪᠠᠢ ᠶᠢ 8000 ᠲᠦᠮᠡᠨ ᠲᠤᠭᠲᠠᠪᠤᠷᠢᠵᠢᠭᠤᠯᠵᠤ᠂ ᠬᠦᠨᠳᠦ ᠶᠡᠭᠡ ᠪᠠᠶᠢᠭᠠᠯᠢᠭᠠᠮᠰᠢᠭ ᠲᠤᠬᠢᠶᠠᠯᠳᠤᠬᠤ ᠦᠭᠡᠢ ᠪᠠᠶᠢᠳᠠᠯ ᠳᠣᠣᠷ᠎ᠠ᠂ ᠠᠮᠤ ᠪᠤᠳᠠᠭᠠᠨ ᠤᠤᠨᠠᠯᠲᠠ ᠶᠢ 550 ᠳ᠋ᠦᠡᠭᠰᠢᠭᠤᠷ ᠵᠢᠩ ᠣᠷᠴᠢᠮ ᠳᠤ ᠲᠣᠭᠲᠠᠭᠤᠨ ᠪᠠᠶᠢᠯᠭᠠᠬᠤ ᠶᠢᠦᠨᠡᠨ ᠬᠦ ᠪᠠᠲᠤᠯᠠᠬᠤ ᠪᠤᠯᠤᠨ᠎ᠠ᠃