ᠵᠤᠬᠢᠶᠠᠭᠴᠢ:
ᠴᠠᠭ:2020-06-09
ᠥᠵᠡᠭᠰᠡᠨ : ℃
ᠢᠷᠡᠯᠲᠡ:
ᠪᠦ᠋ ᠰᠢᠶᠤᠤ ᠯᠢᠨ ᠪᠠᠶᠠᠨᠨᠠᠭᠤᠷ ᠬᠤᠳᠠ ᠳᠤ ᠮᠠᠯ ᠠᠵᠤ ᠠᠬᠤᠢ ᠮᠠᠯᠵᠢᠬᠤ ᠤᠷᠤᠨ ᠤ ᠤᠳᠤᠬᠢᠴᠢᠯᠠᠯᠳᠠ ᠪᠤᠯᠤᠨ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠡ ᠬᠢᠪᠡ
2020 6 ᠰᠠᠷ᠎ᠠ ᠶᠢᠨ 8 —9 ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠠᠶᠠᠨᠨᠠᠭᠤᠷ ᠬᠤᠳᠠ ᠶᠢᠨ ᠤᠷᠠᠳ ᠤᠨ ᠲᠤᠮᠳᠠᠳᠤ ᠬᠤᠰᠢᠭᠤ᠂ ᠤᠷᠠᠳ ᠤᠨ ᠬᠤᠶᠢᠳᠤ ᠬᠤᠰᠢᠭᠤᠨ ᠳᠤ ᠬᠦᠨᠵᠡᠬᠡᠶᠢᠷᠡᠵᠥ᠂ ᠮᠠᠯ ᠠᠵᠤ ᠠᠬᠤᠢ ᠮᠠᠯᠵᠢᠬᠤ ᠤᠷᠤᠨ ᠤ ᠤᠳᠤᠬᠢᠴᠢᠯᠠᠯᠳᠠ᠂ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠡ ᠬᠢᠪᠡ᠃
ᠵᠤᠨ ᠤ ᠤᠯᠠᠷᠢᠯ ᠤᠨ ᠪᠠᠶᠠᠨᠨᠠᠭᠤᠷ ᠤᠨ ᠡᠬᠡ ᠭᠠᠵᠠᠷ ᠲᠤ ᠲᠦᠮᠡᠨ ᠪᠤᠳᠠᠰ ᠲᠦᠯᠵᠢᠨ ᠠᠮᠢᠯᠠᠵᠥ᠂ ᠲᠡᠬᠦᠰ ᠦᠵᠡᠮᠵᠢ ᠪᠦᠷᠢᠳᠦᠨ᠎ᠡ᠃ ᠪᠦ᠋ ᠰᠢᠶᠤᠤ ᠯᠢᠨ ᠤᠷᠠᠳ ᠤᠨ ᠲᠤᠮᠳᠠᠳᠤ ᠬᠤᠰᠢᠭᠤᠨ ᠤ ᠤᠩᠭᠤᠨ ᠪᠠᠯᠭᠠᠰᠤᠨ ᠳᠤ ᠬᠦᠷᠴᠦ᠂ ᠵᠠᠭᠤᠨ ᠲᠦᠮᠡᠨ ᠮᠦ ᠶᠢᠨ ᠮᠠᠯᠵᠢᠯ ᠤᠨ ᠬᠦᠷᠢᠶᠡᠯᠡᠩ ᠤᠨ ᠶᠡᠷᠤᠩᠬᠡᠶᠢᠯᠡᠭᠰᠡᠡ ᠴᠤᠭᠴᠠ ᠶᠢᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠢ ᠨᠠᠷᠢᠨ ᠤᠢᠢᠯᠠᠭᠠᠵᠥ᠂ ᠤᠨᠴᠠᠯᠢᠭᠳᠤ ᠦᠢᠯᠡᠳᠬᠦᠨ ᠪᠤᠯᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠮᠠᠯᠵᠢᠬᠤ ᠲᠠᠷᠢᠶᠠᠯᠠᠬᠤ ᠤᠷᠤᠨ ᠳᠠᠬᠢ ᠦᠢᠯᠡᠴᠢᠯᠡᠬᠡᠨ ᠤ ᠦᠵᠡᠬᠦᠯᠬᠡ ᠶᠢ ᠰᠤᠨᠢᠷᠬᠠᠨ ᠦᠵᠡᠵᠥ᠂ ᠭᠠᠴᠠᠭᠠᠨ ᠤ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠠᠷᠭ᠎ᠠ ᠬᠡᠮᠵᠢᠶ᠎ᠡ ᠶᠢ ᠪᠠᠶᠢᠴᠠᠭᠠᠨ ᠦᠵᠡᠪᠡ᠃ ᠲᠠᠷᠠᠭ᠎ᠠ ᠨᠢ᠂ ᠲᠡᠷᠡ ᠰᠢᠷᠠᠴᠢᠯᠠᠭᠤ ᠭᠠᠴᠠᠭᠠᠨ ᠤ ᠮᠠᠯᠴᠢᠨ ᠬᠦᠰᠡᠯ᠂ ᠰᠢᠷᠡᠭᠡ ᠭᠠᠴᠠᠭᠠᠨ ᠤ ᠮᠠᠯᠵᠢᠬᠤ ᠡᠷᠦᠬᠡ ᠤᠨ ᠬᠢ ᠪᠠᠷ ᠲᠤᠭᠤᠷᠢᠨ ᠰᠤᠷᠪᠤᠯᠵᠢᠯᠠᠪᠠ ᠴᠠᠭᠠᠨ ᠢᠳᠡᠬᠡᠨ ᠡᠳ᠋ᠰᠢᠬᠦᠯᠬᠦ ᠪᠠ ᠤᠨᠴᠠᠯᠢᠬᠳᠤ ᠮᠤᠩᠭᠤᠯ ᠬᠤᠭᠤᠯᠠ ᠡᠵᠡᠩᠨᠡᠬᠦ ᠪᠠᠷ ᠲᠠᠮᠵᠢᠨ ᠤᠷᠤᠯᠭ᠎ᠠ ᠪᠠᠨ ᠶᠡᠭᠡ ᠪᠠᠷ ᠨᠡᠮᠡᠭᠳᠡᠬᠦᠯᠥᠭᠰᠡᠡ ᠢ ᠰᠤᠨᠤᠰᠤᠭᠠᠳ᠂ ᠪᠦ᠋ ᠰᠢᠶᠤᠤ ᠯᠢᠨ ᠲᠦᠢᠯ ᠢᠶᠠᠷ ᠪᠠᠶᠠᠷᠯᠠᠵᠤ᠂ ᠲᠡᠳᠡᠨ ᠢ ᠤᠷᠤᠯᠭ᠎ᠠ ᠪᠠᠨ ᠨᠡᠮᠡᠭᠳᠡᠬᠦᠯᠬᠦ ᠶᠢᠨ ᠵᠡᠷᠭᠡ ᠪᠠᠷ ᠦᠨᠳᠤᠰᠤᠳᠡᠨ ᠤ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠰᠠᠶᠢᠳᠤᠷ ᠬᠢᠭᠡᠷᠡᠢ ᠭᠡᠵᠤ ᠵᠤᠷᠢᠬᠵᠢᠭᠤᠯᠪᠠ᠃ ᠲᠡᠷᠡ᠂ ᠲᠡᠭᠡᠳᠤ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠤ ᠪᠤᠳᠤᠯ ᠪᠠ ᠡᠬᠦᠷᠭᠡᠳᠤ ᠪᠤᠳᠤᠯ ᠢᠶᠠᠷ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠪᠦᠳᠦᠭᠡᠨ ᠪᠠᠶᠢᠭᠤᠯᠤᠯᠳᠠ ᠶᠢᠨ ᠡᠯ᠎ᠡ ᠵᠦᠢᠯ ᠤᠨ ᠠᠵᠢᠯ ᠢ ᠢᠳᠡᠪᠬᠢᠳᠠᠢ ᠰᠠᠶᠢᠳᠤᠷ ᠬᠢᠵᠤ᠂ ᠮᠠᠯᠵᠢᠬᠤ ᠲᠠᠷᠢᠶᠠᠯᠠᠬᠤ ᠤᠷᠤᠨ ᠤ ᠶᠡᠷᠤᠩᠭᠡᠶᠢᠯᠡᠭᠰᠡᠨ ᠦᠭᠡᠷᠡᠴᠢᠯᠡᠯᠳᠠ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ᠮᠠᠯ ᠠᠵᠤ ᠠᠬᠤᠢ ᠲᠡᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠠᠮᠢᠵᠢᠷᠠᠯ ᠤᠨ ᠬᠦᠴᠤᠨ ᠢ ᠬᠦᠭᠵᠢᠭᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃
ᠤᠳᠤᠬᠠᠨ ᠳᠤ᠂ ᠪᠠᠶᠠᠨᠨᠠᠭᠤᠷ ᠬᠤᠳᠠ ᠶᠢᠨ ᠬᠢᠨ ᠶᠠᠭ ᠪᠤᠷᠤᠳᠤᠬᠤᠢ ᠶᠢᠨ ᠪᠦᠬᠦ ᠤᠷᠤᠨ ᠪᠦᠰᠡ ᠶᠢᠨ ᠪᠤᠬᠢᠷᠳᠤᠯ ᠦᠭᠡᠢ ᠤᠷᠭᠠᠨᠢᠭ ᠲᠡᠭᠡᠳᠤ ᠲᠡᠰ ᠤᠨ ᠮᠠᠯ ᠤᠨ ᠠᠰᠢᠭ ᠰᠢᠮ᠎ᠡ ᠲᠡᠷᠢᠶᠠᠯᠠᠩ ᠤᠨ ᠪᠦᠳᠦᠭᠡᠭᠳᠡᠬᠦᠨ ᠢ ᠦᠢᠯᠡᠳᠪᠤᠷᠢᠯᠡᠬᠦ ᠡᠳ᠋ᠰᠢᠬᠦᠯᠤᠨ ᠪᠤᠯᠪᠠᠰᠤᠷᠠᠭᠤᠯᠬᠤ ᠦᠢᠯᠡᠴᠢᠯᠡᠭᠡᠨ ᠭᠠᠷᠭᠠᠯᠳᠠ ᠶᠢᠨ ᠰᠠᠭᠤᠷᠢᠨ ᠢ ᠪᠦᠬᠦ ᠬᠦᠴᠤᠨ ᠢᠶᠠᠷ ᠪᠦᠳᠦᠭᠡᠨ ᠪᠠᠶᠢᠭᠤᠯᠵᠤ ᠪᠠᠶᠢᠨ᠎ᠡ᠃ ᠪᠦ᠋ ᠰᠢᠶᠤᠤ ᠯᠢᠨ ᠲᠡᠭᠷᠢ ᠶᠢᠨ ᠭᠡᠰᠢᠭ ᠲᠠᠢ ᠪᠤᠷᠤᠳᠤᠬᠤᠢ •ᠤᠷᠠᠳ ᠤᠨ ᠲᠤᠬᠴᠢ ᠲᠡᠯᠭᠡᠬᠦᠷ ᠲᠤ ᠬᠦᠷᠴᠤ᠂ ᠲᠤᠬᠠᠢ ᠶᠢᠨ ᠭᠠᠵᠠᠷ ᠤᠨ ᠴᠢᠨᠠᠷ ᠰᠠᠶᠢᠳᠠᠢ ᠮᠠᠯ ᠤᠨ ᠠᠰᠢᠭ ᠰᠢᠮ᠎ᠡ ᠲᠡᠷᠢᠶᠠᠯᠠᠩ ᠤᠨ ᠪᠦᠳᠦᠭᠡᠭᠳᠡᠬᠦᠨ ᠪᠠ ᠦᠨᠳᠤᠰᠤᠳᠡᠨ ᠤ ᠤᠨᠴᠠᠯᠢᠬᠳᠤ ᠪᠦᠳᠦᠭᠡᠭᠳᠡᠬᠦᠨ ᠢᠶᠠᠨ ᠭᠠᠲᠠᠭᠰᠢ ᠭᠠᠷᠭᠠᠵᠤ ᠪᠠᠶᠢᠬᠤ᠂ ᠶᠠᠳᠠᠭᠤ ᠬᠦᠴᠢᠷᠳᠡᠯᠳᠠᠢ ᠡᠷᠦᠭᠡ ᠶᠢᠨ ᠶᠠᠳᠠᠭᠤ ᠠᠴᠠ ᠠᠩᠭᠢᠵᠢᠷᠠᠵᠤ ᠤᠷᠤᠯᠭ᠎ᠠ ᠪᠠᠨ ᠨᠡᠮᠡᠭᠳᠡᠬᠦᠯᠦᠭᠰᠡᠨ ᠵᠡᠷᠭᠡ ᠲᠠᠯ᠎ᠡ ᠶᠢᠨ ᠪᠠᠶᠢᠳᠠᠯ ᠢ ᠤᠢᠢᠯᠠᠭᠠᠪᠠ᠃ ᠤᠷᠠᠳ ᠤᠨ ᠬᠤᠶᠢᠳᠤ ᠬᠤᠰᠢᠭᠤᠨ ᠳᠤ᠂ ᠲᠡᠷᠨ ᠦᠨᠳᠤᠷ ᠪᠠᠷᠢᠮᠵᠢᠶᠠᠳᠤ ᠭᠤᠪᠢ ᠶᠢᠨ ᠤᠯᠠᠭᠠᠨ ᠲᠡᠮᠡᠭᠡ ᠮᠠᠯᠵᠢᠬᠤ ᠰᠠᠭᠤᠷᠢᠨ ᠲᠤᠬᠠᠢ ᠶᠢᠨ ᠭᠠᠵᠠᠷ ᠤᠨ ᠤᠯᠠᠭᠠᠨ ᠲᠡᠮᠡᠭᠡᠨ ᠤ ᠠᠵᠤ ᠦᠢᠯᠡᠰ ᠢ ᠪᠤᠵᠠᠭᠠᠢᠢᠷᠠᠭᠤᠯᠤᠬᠰᠡᠨ ᠠᠷᠭ᠎ᠠ ᠬᠡᠮᠵᠢᠶ᠎ᠡ ᠪᠠ ᠦᠷ᠎ᠡ ᠪᠦᠳᠦᠮᠵᠢ ᠶᠢ ᠬᠦᠨᠵᠡᠭᠡᠢ ᠤᠢᠢᠯᠠᠭᠠᠵᠤ᠂ ᠲᠤᠮᠤ ᠳ᠋ᠠᠶᠢᠲ᠋ᠠ + ᠤᠶᠤᠨᠳᠤ ᠮᠠᠯ ᠠᠵᠤ ᠠᠬᠤᠢ ᠲᠡᠷᠢᠶᠠᠯᠠᠩ ᠤᠨ ᠲᠠᠪᠴᠠᠩ ᠤᠨ ᠪᠠᠶᠢᠭᠤᠯᠤᠯᠳᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠪᠦ᠋ ᠰᠢᠶᠤᠤ ᠯᠢᠨ᠂ ᠪᠤᠬᠢᠷᠳᠤᠯ ᠦᠭᠡᠢ ᠮᠠᠯ ᠠᠵᠤ ᠠᠬᠤᠢ ᠲᠡᠷᠢᠶᠠᠯᠠᠩ ᠢ ᠬᠦᠭᠵᠢᠬᠦᠯᠬᠦ ᠶᠢ ᠪᠠᠷᠢᠮᠳᠠᠯᠠᠵᠤ᠂ ᠠᠮᠢ ᠠᠬᠤᠢ ᠶᠢᠨ ᠮᠠᠯ ᠠᠵᠤ ᠠᠬᠤᠢ ᠲᠡᠷᠢᠶᠠᠯᠠᠩ ᠢ ᠬᠦᠭᠵᠢᠬᠦᠯᠵᠤ᠂ ᠮᠠᠯᠴᠢᠨ ᠲᠠᠷᠢᠶᠠᠴᠢᠨ ᠪᠠ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠲᠦ ᠲᠤᠬᠳᠠᠴᠠ ᠶᠢ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠤᠯᠠᠨ ᠠᠷᠭ᠎ᠠ ᠵᠠᠮ ᠢᠶᠠᠷ ᠮᠠᠯᠴᠢᠨ ᠤᠷᠤᠯᠭ᠎ᠠ ᠶᠢ ᠨᠡᠮᠡᠭᠳᠡᠬᠦᠯᠬᠦ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃
ᠤᠳᠤᠬᠠᠨ ᠳᠤ ᠶᠠᠭ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭᠠᠨ ᠳᠤ ᠤᠷᠤᠰᠢᠵᠤ ᠪᠠᠶᠢᠭ᠎ᠠ ᠲᠤᠯᠠ᠂ ᠴᠢᠬᠤᠯᠠ ᠶᠡᠭᠡ ᠲᠦᠷᠦᠯ ᠵᠦᠢᠯ ᠤᠨ ᠠᠬᠢᠴᠠ ᠶᠢᠨ ᠪᠠᠶᠢᠳᠠᠯ ᠶᠠᠮᠠᠷ ᠵᠡᠷᠭᠡ ᠪᠠᠶᠢᠬᠤ ᠲᠤᠬᠠᠢ ᠪᠦ᠋ ᠰᠢᠶᠤᠤ ᠯᠢᠨ ᠮᠠᠰᠢ ᠠᠩᠬᠠᠷᠤᠨ ᠬᠠᠯᠠᠮᠵᠢᠯᠠᠵᠤ ᠪᠠᠶᠢᠯ᠎ᠠ᠃ ᠲᠡᠷᠡ ᠵᠦᠩ ᠡᡁᠧ ᠯᠦᠩ ᠲᠧᠩ 100 ᠰᠠᠶ᠎ᠠ ᠸᠠᠲ 10 ᠴᠠᠭ ᠤᠨ ᠡᠨᠧᠷᠬᠢ ᠶᠢᠨ ᠬᠠᠲᠠᠭᠠᠯᠠᠯᠲᠠ ᠤᠨ ᠭᠡᠷᠡᠯ ᠢᠯᠴᠢ ᠪᠠᠷ ᠴᠠᠬᠢᠯᠭᠠᠠ ᠭᠠᠷᠭᠠᠬᠤ ᠵᠢᠱᠢᠶ᠎ᠠ ᠦᠵᠡᠭᠦᠯᠬᠦ ᠲᠦᠷᠦᠯ ᠵᠦᠢᠯ ᠪᠤᠯᠤᠨ ᠦᠪᠦᠷ ᠮᠤᠩᠭᠤᠯ ᠤᠨ ᠡᡁᠸᠢ ᠮᠤᠤ ᠨᠡᠭᠦᠷᠡᠰᠦ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠤ᠂ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢᠨ ᠠᠬᠢᠴᠠ ᠶᠢ ᠤᠢᠢᠯᠠᠭᠠᠪᠠ᠃ ᠪᠦ᠋ ᠰᠢᠶᠤᠤ ᠯᠢᠨ᠂ ᠴᠢᠬᠤᠯᠠ ᠶᠡᠭᠡ ᠲᠦᠷᠦᠯ ᠵᠦᠢᠯ ᠤᠨ ᠪᠦᠲᠦᠮᠵᠢᠲᠠᠢ ᠪᠡᠯᠡ ᠤᠷᠤᠭᠤᠯᠤᠯᠲᠠ ᠶᠢ ᠦᠷᠭᠡᠳᠭᠡᠬᠦ ᠲᠤᠮᠲᠠᠬᠢ ᠰᠠᠭᠤᠷᠢ ᠴᠢᠨᠠᠷ ᠲᠠᠢ ᠦᠢᠯᠡᠲᠦᠯ ᠢ ᠬᠦᠢᠴᠡᠳ ᠪᠠᠲᠠᠷᠠᠭᠤᠯᠤᠨ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠶᠢᠨ ᠲᠠᠭᠠᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠲᠠ ᠂ ᠠᠵᠢᠯ ᠤᠨ ᠡᠷᠴᠢᠮ ᠢᠶᠠᠨ ᠴᠢᠩᠭᠠᠷᠠᠭᠤᠯᠵᠦ᠂ ᠲᠦᠷᠦᠯ ᠵᠦᠢᠯ ᠢ ᠡᠷᠲᠡᠭᠡᠡ ᠨᠠᠶᠢᠲᠠᠪᠤᠷᠢᠵᠢᠭᠤᠯᠵᠦ᠂ ᠡᠷᠲᠡᠭᠡᠡ ᠡᠬᠢᠯᠡᠭᠦᠯᠵᠦ᠂ ᠡᠷᠲᠡᠭᠡᠡ ᠠᠰᠢᠠᠠᠯᠠᠯᠲᠠ ᠳᠤ ᠤᠷᠤᠭᠤᠯᠵᠦ᠂ ᠡᠷᠲᠡᠭᠡᠡ ᠠᠮᠵᠢᠯᠲᠠ ᠪᠦᠲᠦᠮᠵᠢ ᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠤᠷᠠᠳ ᠤᠨ ᠬᠤᠶᠢᠲᠦ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶᠠᠠ ᠤ ᠴᠤᠬᠠᠦ᠋ᠨᠳᠦᠷ ᠪᠠᠯᠭᠠᠰᠤᠨ ᠤ ᠲᠤᠮᠢᠯᠠᠭᠰᠠᠠ ᠰᠠᠯᠪᠤᠷᠢ ᠶᠢᠨ ᠠᠷᠠᠳ ᠤᠨ ᠴᠠᠭᠲᠠᠭ᠎ᠠ ᠪᠤᠶᠠᠠᠲᠡᠯᠭᠡᠷ ᠪᠦᠬᠦ ᠤᠯᠤᠰ ᠤᠨ ᠲᠤᠲᠤᠭᠠᠲᠤ ᠶᠢ ᠬᠠᠮᠠᠭᠠᠯᠠᠬᠤ ᠰᠢᠰᠲ᠋ᠧᠮ ᠤᠨ ᠨᠢᠭᠡᠲᠦᠭᠡᠷ ᠲᠡᠰ ᠤᠨ ᠪᠠᠭᠠᠲᠤᠷ ᠵᠢᠱᠢᠶᠡᠴᠢ ᠶᠢᠨ ᠢᠷᠠᠭᠤ ᠠᠯᠲᠠᠷ ᠤᠨ ᠴᠤᠯᠠ ᠶᠢ ᠬᠦᠷᠳᠡᠭᠰᠡᠨ ᠶᠤᠮ᠃ ᠪᠦ᠋ ᠰᠢᠶᠤᠤ ᠯᠢᠠ ᠪᠤᠶᠠᠠᠲᠡᠯᠭᠡᠷ ᠤᠨ ᠦᠢᠯᠠ ᠠᠵᠢᠯᠯᠠᠭ᠎ᠠ ᠶᠢᠨ ᠤᠷᠲᠤᠨ ᠳᠤ ᠲᠤᠭᠤᠷᠢᠨ ᠦᠵᠡᠵᠦ᠂ ᠪᠤᠶᠠᠠᠲᠡᠯᠭᠡᠷ ᠲᠠᠢ ᠲᠤᠲᠤᠨᠤ ᠪᠠᠷ ᠶᠠᠷᠢᠯᠴᠠᠵᠦ᠂ ᠲᠡᠭᠦᠨ ᠤ ᠦᠪᠡᠷ ᠤᠨ ᠭᠡᠷ ᠢᠶᠠᠨ ᠤᠮᠠᠷᠲᠠᠨ ᠤᠯᠠᠠ ᠤ ᠲᠦᠯᠦᠭᠡ ᠵᠢᠳᠭᠦᠵᠤ᠂ ᠠᠷᠠᠳ ᠤᠯᠠᠠ ᠳᠤ ᠭᠤᠶᠠᠴᠢ ᠦᠭᠡᠢ ᠬᠤᠪᠢ ᠨᠡᠮᠡᠷᠢ ᠦᠵᠡᠭᠦᠯᠦᠭᠰᠡᠡ ᠵᠤᠷᠢᠭ ᠰᠠᠨᠠᠭ᠎ᠠ ᠶᠢ ᠬᠦᠢᠴᠡᠳ ᠨᠤᠲᠠᠯᠠᠪᠠ᠃

ᠡᠨᠡ ᠬᠤᠭᠤᠴᠠᠭᠠᠨ ᠳᠤ ᠪᠦ᠋ ᠰᠢᠶᠤᠤ ᠯᠢᠠ ᠪᠠᠰᠠ ᠪᠠᠶᠠᠠᠨᠠᠭᠤᠷ ᠬᠤᠲᠠ ᠶᠢᠨ ᠰᠠᠯᠬᠢᠨ ᠳᠤ ᠢᠲᠡᠭᠲᠡᠭᠰᠡᠡ ᠮᠦᠰᠦᠨ ᠤᠭᠤᠷ ᠤᠨ ᠤᠯᠤᠰ ᠤᠨ ᠭᠠᠵᠠᠷ ᠰᠢᠨᠵᠢᠯᠡᠭᠡᠡ ᠤ ᠴᠡᠴᠡᠷᠯᠢᠭ᠂ ᠴᠤᠬᠠᠦ᠋ᠨᠳᠦᠷ ᠪᠠᠯᠭᠠᠰᠤᠨ ᠤ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠲᠢᠩᠭᠢᠮ᠂ ᠤᠷᠠᠳ ᠤᠨ ᠬᠤᠶᠢᠲᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠠ ᠳᠤ ᠬᠦᠷᠴᠤ ᠰᠢᠨᠵᠢᠯᠡᠡ ᠪᠠᠶᠢᠴᠠᠭᠠᠵᠦ᠂ ᠪᠠᠶᠠᠠᠨᠠᠭᠤᠷ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠡ ᠳᠠᠬᠢ ᠲᠦᠷᠢᠮ ᠲᠤᠭᠲᠠᠭᠠᠯ ᠬᠠᠤᠯᠢ ᠴᠠᠭᠠᠵᠠ ᠠᠴᠠ ᠵᠦᠷᠢᠴᠡᠭᠰᠡᠡ ᠭᠡᠷᠡᠭ ᠢ ᠲᠤᠰᠬᠠᠢ ᠴᠡᠭᠴᠡᠯᠡᠡ ᠵᠠᠰᠠᠬᠤ ᠪᠠ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠳᠤ ᠱᠠᠭᠠᠷᠲᠠᠯᠭ᠎ᠠ ᠲᠤᠷᠠᠳᠴᠠᠢ᠃
ᠦᠪᠡᠷᠲᠡᠭᠡᠡ ᠵᠠᠰᠬᠠᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠪᠠᠶᠢᠴᠠᠭᠠᠠ ᠰᠤᠲᠤᠯᠤᠯᠲᠠ ᠳᠤ ᠤᠷᠤᠯᠴᠠᠭᠰᠠᠠ ᠪᠠᠶᠢᠨ᠎ᠠ᠃