ᠵᠤᠬᠢᠶᠠᠭᠴᠢ:
ᠴᠠᠭ:2020-05-16
ᠥᠵᠡᠭᠰᠡᠨ : ℃
ᠢᠷᠡᠯᠲᠡ:
ᠤᠯᠠᠭᠠᠨᠴᠠᠪ ᠬᠤᠲᠠ ᠶᠢᠨ ᠳᠣᠯᠣᠳᠤᠭᠠᠷ ᠰᠤᠮᠤ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢᠨ ᠲᠥᠪ ( B ᠬᠡᠯᠪᠡᠷᠢ) ᠪᠣᠭᠤᠮᠲᠠ ᠬᠠᠭᠠᠵᠤ ᠡᠵᠡᠩᠨᠡᠯᠲᠡ ᠪᠠᠨ ᠡᠬᠢᠯᠡᠭᠦᠯᠪᠡ ᠬᠤᠸᠠᠩ ᡁᠢ ᠴᠢᠶᠠᠩ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ
2020 5 ᠰᠠᠷ᠎ᠠ ᠶᠢᠨ 12 ᠤᠨ ᠦᠳᠡ ᠶᠢᠨ ᠡᠮᠦᠨ᠎ᠡ᠂ ᠮᠠᠨ ᠤ ᠣᠷᠣᠨ ᠤ ᠲᠦᠷᠪᠡᠳᠡᠬᠢ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢᠨ ᠲᠥᠪ — ᠤᠯᠠᠭᠠᠨᠴᠠᠪ ᠬᠤᠳᠠ ᠶᠢᠨ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢᠨ ᠲᠥᠪ (B ᠬᠡᠯᠪᠡᠷᠢ) ᠪᠣᠭᠤᠮᠲᠠ ᠬᠠᠭᠠᠵᠤ ᠡᠵᠡᠩᠨᠡᠯᠲᠡ ᠪᠠᠨ ᠡᠬᠢᠯᠡᠭᠦᠯᠬᠦ ᠵᠢᠴᠢ ᠫᠠᠶᠢᠰᠠ ᠰᠡᠬᠦᠬᠦ ᠶᠣᠰᠣᠯᠠᠯ ᠲᠤᠰ ᠬᠤᠳᠠ ᠶᠢᠨ ᠳᠣᠯᠣᠳᠤᠭᠠᠷ ᠰᠤᠮᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠬᠦᠢᠰᠤ ᠪᠠᠷᠠᠭᠠᠨ ᠤ ᠭᠦᠢᠯᠭᠡᠬᠡ ᠶᠢᠨ ᠰᠠᠭᠤᠷᠢᠨ ᠳᠤ ᠶᠠᠪᠤᠭᠳᠠᠪᠠ᠃ ᠪᠣᠭᠤᠮᠲᠠ ᠬᠠᠭᠠᠭᠰᠡᠨ ᠲᠤᠬᠠᠶ ᠶᠢᠨ ᠡᠳᠦᠷ᠂ ᠴᠠᠩ ᠴᠸᠡᠭ ᠮᠠᠰᠢᠨ ᠲᠡᠷᠭᠡᠨ ᠤ ᠰᠡᠯᠪᠢᠭ ᠲᠣᠨᠤᠭ ᠢ ᠠᠴᠢᠶᠠᠯᠠᠭᠰᠠᠨ ᠠᠩᠬᠠᠳᠠᠭᠴᠢ ᠡᠭᠡᠯᠵᠢ ᠶᠢᠨ ᠵᠢᠰᠢᠶᠠᠨ ᠤ ᠭᠠᠯᠲᠤ ᠲᠡᠷᠭᠡ ᠪᠤᠭᠤᠮᠳᠠ ᠪᠠᠷ ᠦᠡᠭᠭᠡᠷᠡᠨ ᠤᠷᠤᠰ ᠵᠦᠭ ᠮᠤᠷᠳᠠᠭᠰᠠᠨ ᠪᠠᠶᠢᠨ᠎ᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠫᠠᠶᠢᠰᠠ ᠰᠡᠬᠦᠬᠦ ᠶᠤᠰᠤᠯᠠᠯ ᠳᠤ ᠣᠷᠣᠯᠴᠠᠪᠠ᠃
ᠤᠯᠠᠭᠠᠨᠴᠠᠪ ᠤᠨ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠬᠡ ᠶᠢᠨ ᠲᠥᠪ (B ᠬᠡᠯᠪᠡᠷᠢ) ᠵᠢᠨᠢᠩ ᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ ᠪᠣᠶ᠃ ᠣᠳᠣᠬᠠᠨ ᠳᠤ B ᠬᠡᠯᠪᠡᠷᠢ ᠶᠢᠨ ᠭᠠᠶᠢᠯᠢ ᠪᠠᠲᠤᠯᠠᠬᠤ ᠣᠷᠣᠨ ᠳᠤ ᠰᠠᠭᠤᠷᠢᠰᠢᠬᠰᠡᠨ ᠠᠵᠤ ᠠᠬᠤᠶᠢᠯᠠᠯ 14 ᠪᠤᠯᠵᠤ᠂ ᠵᠢᠯ ᠤᠨ ᠲᠡᠭᠡᠭᠡᠪᠦᠷᠢ ᠶᠢᠨ ᠬᠡᠮᠵᠢᠶ᠎ᠡ ᠨᠢ 8 ᠲᠦᠮᠡᠨ ᠲᠣᠨ ᠳᠤ ᠬᠦᠷᠴᠤ᠂ ᠪᠠᠷᠠᠭ᠎ᠠ ᠨᠢ ᠬᠦᠳᠡᠷ ᠤᠨ ᠴᠢᠯᠠᠭᠤ᠂ ᠨᠠᠷᠠᠨ ᠬᠤᠸᠠᠷ ᠤᠨ ᠦᠷ᠎ᠡ᠂ ᠴᠠᠭᠠᠰᠤᠨ ᠡᠭᠡᠳᠡᠩ᠂ ᠰᠢᠷᠠᠰᠤᠨ ᠤ ᠲᠠᠯᠬ᠎ᠠ᠂ ᠴᠠᠬᠢᠯᠭᠠᠨ ᠬᠡᠷᠡᠭᠰᠡᠯ ᠵᠡᠷᠭᠡ 16 ᠲᠥᠷᠥᠯ ᠢ ᠪᠠᠭᠲᠠᠭᠠᠵᠤ᠂ ᠪᠠᠷᠠᠭᠠᠨ ᠤ ᠥᠷᠲᠡᠭ 4500 ᠲᠦᠮᠡᠨ ᠳ᠋ᠣᠯᠯᠠᠷ ᠲᠤ ᠬᠦᠷᠴᠠᠢ᠃ ᠲᠤᠰ ᠡᠳᠤᠷ᠂ ᠡᠨᠡ ᠬᠦ ᠲᠥᠪ ᠢ ᠬᠠᠷᠢᠭᠤᠴᠠᠨ ᠡᠵᠡᠩᠨᠡᠵᠦ ᠪᠠᠶᠢᠭ᠎ᠠ ᠤᠯᠠᠭᠠᠨᠴᠠᠪ ᠬᠤᠲᠠ ᠶᠢᠨ ᠭᠠᠳᠠᠭᠠᠳᠤ ᠠᠵᠤ ᠠᠬᠤᠶ ᠠᠷᠠᠯᠵᠢᠶᠠᠨ ᠤ ᠺᠣᠮᠫᠠᠨᠢ 8 ᠠᠵᠤ ᠠᠬᠤᠶᠢᠯᠠᠯ ᠲᠠᠢ ᠲᠣᠰ ᠲᠣᠰ ᠣᠷᠣᠵᠤ ᠰᠠᠭᠤᠬᠤ ᠬᠡᠯᠡᠯᠴᠡᠭᠡᠷ ᠲᠣᠭᠲᠠᠪᠠ᠃ ᠬᠡᠯᠡᠯᠴᠡᠭᠡᠷ ᠲᠣᠭᠲᠠᠭᠰᠠᠨ ᠱᠠᠨᠰᠢ ᠶᠢᠨ ᠽᠢ ᠯᠦ ᠴᠸᠡᠭ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠵᠢᠶᠠᠨ᠄ 《ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠪᠢᠳᠡ ᠤᠯᠠᠭᠠᠨᠴᠠᠪ ᠬᠤᠲᠠ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠡᠨ ᠤ ᠪᠣᠯᠪᠠᠰᠤᠷᠠᠯ ᠤᠨ ᠲᠥᠪ ᠪᠠᠶᠢᠭᠤᠯᠵᠤ᠂ ᠲᠣᠰ ᠭᠠᠵᠠᠷ ᠤᠨ ᠵᠠᠯᠠᠭᠤᠴᠤᠳ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠰ ᠪᠤᠰᠬᠠᠬᠤ ᠵᠠᠭᠪᠤᠷ ᠢ ᠰᠤᠩᠭᠤᠬᠤ ᠶᠢ ᠲᠠᠶᠢᠴᠢᠯᠡᠨᠠ》 ᠬᠡᠵᠤ ᠲᠠᠨᠢᠯᠴᠠᠭᠤᠯᠪᠡ᠃
ᠣᠶᠢᠯᠠᠭᠠᠭᠰᠠᠨ ᠢᠶᠠᠷ᠂ ᠤᠯᠠᠭᠠᠨᠴᠠᠪ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2016 ᠣᠨ ᠠᠴᠠ ᠣᠲᠣ ᠪᠣᠯᠲᠠᠯ᠎ᠠ ᠨᠡᠶᠢᠲᠡ 295 ᠴᠤᠪᠤᠭ᠎ᠠ ᠠᠶᠠᠯᠠᠪᠠ ᠵᠢᠰᠢᠶᠠᠨ ᠤ ᠭᠠᠯᠲᠤ ᠲᠡᠷᠭᠡ ᠶᠠᠪᠤᠬᠤ ᠵᠠᠮ ᠱᠤᠭᠤᠮ ᠢ 7 ᠵᠤᠷᠪᠤᠰ ᠪᠣᠯᠭᠠᠨ ᠨᠡᠮᠡᠭᠳᠡᠭᠦᠯᠵᠦ᠂ ᠲᠣᠭᠲᠠᠭᠰᠠᠨ ᠴᠠᠭ᠂ ᠲᠣᠭᠲᠠᠭᠰᠠᠨ ᠭᠠᠵᠡᠷ᠂ ᠲᠣᠭᠲᠠᠭᠰᠠᠨ ᠦᠨ᠎ᠡ᠂ ᠲᠣᠭᠲᠠᠭᠰᠠᠨ ᠱᠤᠭᠤᠮ᠂ ᠲᠣᠭᠲᠠᠭᠰᠠᠨ ᠲᠡᠷᠭᠡ ᠶᠢᠨ ᠤᠳᠠᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠶᠠᠯᠠᠯ ᠤᠨ ᠬᠤᠭᠤᠴᠠᠭ᠎ᠠ 20 ᠡᠳᠦᠷ ᠠᠴᠠ ᠳᠡᠭᠡᠭᠰᠢ ᠪᠠᠶᠢᠭᠰᠠᠨ ᠠᠴᠠ ᠪᠠᠨ ᠠᠭᠠᠵᠢᠮ ᠢᠶᠠᠷ 10—14 ᠡᠳᠦᠷ ᠪᠣᠯᠵᠤ ᠪᠣᠭᠤᠨᠢᠰᠤᠨ᠂ ᠪᠦᠬᠦ᠋ᠢᠯᠡ ᠲᠡᠭᠡᠭᠡᠪᠦᠷᠢ ᠶᠢᠨ ᠵᠠᠷᠤᠳᠠᠯ ᠨᠢ ᠦᠡᠭᠭᠡᠷᠡᠭᠰᠡᠨ ᠤ ᠬᠢ ᠠᠴᠠ ᠪᠠᠷᠤᠭ 10% ᠪᠠᠷ ᠪᠠᠭᠤᠷᠠᠪᠠ᠃