ᠵᠤᠬᠢᠶᠠᠭᠴᠢ: ᠴᠠᠭ:2019-09-12 ᠥᠵᠡᠭᠰᠡᠨ : ᠢᠷᠡᠯᠲᠡ:
ᠯᠢ ᠵᠢᠢ ᠾᠧᠩ ᠰᠢᠯᠢ ᠶᠢᠨ ᠭᠤᠤᠯ ᠠᠶᠢᠮᠠᠬ ᠲᠤ ᠬᠦᠨᠵᠡᠭᠡᠶᠢᠷᠡᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢᠨ ᠲᠤᠬᠠᠢ ᠪᠠᠶᠢᠴᠠᠭᠠᠨ ᠰᠤᠳᠤᠯᠪᠠ

2019 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠰᠢᠯᠢ ᠶᠢᠨ ᠭᠤᠤᠯ ᠠᠶᠢᠮᠠᠬ ᠤᠨ ᠪᠠᠷᠠᠭᠤᠨ ᠦᠵᠦᠮᠦᠴᠢᠨ ᠬᠤᠰᠢᠭᠤᠨ ᠤ ᠰᠡᠷᠬᠦᠯᠡᠩ ᠬᠠᠷᠠᠭᠠᠳᠦ ᠠᠭᠤᠯᠠ ᠶᠢᠨ ᠪᠠᠶᠢᠭᠠᠯᠢ ᠶᠢᠨ ᠬᠠᠳᠤᠯᠠᠩ ᠤᠨ ᠭᠠᠵᠠᠷ ᠲᠤ ᠬᠦᠷᠴᠦ᠂ ᠲᠠᠯ᠎ᠠ ᠨᠤᠲᠤᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠮᠠᠯᠴᠢᠳ ᠤᠨ ᠤᠷᠤᠯᠭ᠎ᠠ ᠶᠢᠨ ᠨᠡᠮᠡᠭᠳᠡᠯ ᠤᠨ ᠪᠠᠶᠢᠲᠠᠯ ᠢ ᠪᠠᠶᠢᠴᠠᠭᠠᠨ ᠦᠵᠡᠵᠡᠢ᠃

9 ᠳ᠋ᠦ᠋ᠭᠡᠷ ᠰᠠᠷ᠎ᠠ ᠶᠢᠨ 3 — 4 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠰᠢᠯᠢ ᠶᠢᠨ ᠭᠤᠤᠯ ᠠᠶᠢᠮᠠᠬ ᠤᠨ ᠪᠠᠷᠠᠭᠤᠨ ᠦᠵᠦᠮᠦᠴᠢᠨ ᠬᠤᠰᠢᠭᠤ ᠪᠠ ᠵᠡᠬᠦᠨ ᠦᠵᠦᠮᠦᠴᠢᠨ ᠬᠤᠰᠢᠭᠤᠨ ᠳᠤ ᠬᠦᠨᠵᠡᠭᠡᠶᠢᠷᠡᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠳᠠ ᠵᠡᠷᠭᠡ ᠠᠵᠢᠯ ᠢ ᠪᠠᠶᠢᠴᠠᠭᠠᠨ ᠰᠤᠳᠤᠯᠵᠠᠢ᠃

ᠰᠢᠯᠢ ᠶᠢᠨ ᠭᠤᠤᠯ ᠤᠨ ᠲᠠᠯ᠎ᠠ ᠨᠤᠳᠤᠭ ᠲᠤ ᠨᠠᠮᠤᠷ ᠤᠨ ᠦᠩᠭᠡ ᠦᠳᠭᠡᠷᠡᠵᠦ᠂ ᠦᠩᠭᠡ ᠦᠵᠡᠮᠵᠢ ᠤᠷᠠᠨ ᠵᠢᠷᠤᠭ ᠰᠢᠭ᠋ ᠭᠤᠶᠤᠬᠠᠨ᠃ ᠰᠡᠷᠬᠦᠯᠡᠩ ᠬᠠᠷᠠᠭᠠᠳᠦ ᠠᠭᠤᠯᠠ ᠶᠢᠨ ᠪᠠᠶᠢᠭᠠᠯᠢ ᠶᠢᠨ ᠬᠠᠳᠤᠯᠠᠩ ᠤᠨ ᠭᠠᠵᠠᠷ ᠲᠤ᠂ ᠯᠢ ᠵᠢᠢ ᠾᠧᠩ ᠨᠤᠳᠤᠭ ᠪᠡᠯᠴᠢᠭᠡᠷ ᠤᠨ ᠠᠮᠢ ᠠᠬᠤᠢ ᠶᠢᠨ ᠰᠡᠷᠬᠦᠯᠳᠠ ᠶᠢᠨ ᠪᠠᠶᠢᠳᠠᠯ ᠢ ᠨᠠᠷᠢᠨ ᠤᠢᠢᠯᠠᠭᠠᠵᠦ᠂ ᠡᠪᠡᠰᠦᠨ ᠤ ᠲᠦᠷᠦᠯ ᠵᠦᠢᠯ᠂ ᠬᠠᠳᠤᠯᠠᠩ ᠬᠠᠳᠤᠬᠤ ᠠᠷᠭ᠎ᠠ ᠭᠡᠯᠪᠡᠷᠢ ᠵᠡᠷᠭᠡ ᠶᠢ ᠠᠰᠠᠭᠤᠨ᠂ ᠡᠨᠡ ᠬᠦ ᠤᠷᠤᠨ ᠪᠦᠰᠡ ᠶᠢᠨ ᠠᠮᠢ ᠠᠬᠤᠢ ᠶᠢᠨ ᠵᠠᠰᠠᠨ ᠰᠡᠷᠬᠦᠭᠡᠯᠳᠠ ᠶᠢᠨ ᠦᠷ᠎ᠠ ᠪᠦᠳᠦᠮᠵᠢ ᠶᠢ ᠨᠤᠳᠠᠯᠠᠵᠠᠢ᠃ ᠬᠠᠪᠴᠢᠭᠠᠢ ᠡᠯᠡᠰᠦᠷᠭᠡᠭ ᠭᠠᠵᠠᠷ ᠤᠨ ᠵᠠᠰᠠᠯᠳᠠ ᠶᠢᠨ ᠲᠤᠬᠠᠢ ᠶᠢᠨ ᠲᠠᠯᠠᠪᠠᠢ ᠳᠤ᠂ ᠯᠢ ᠵᠢᠢ ᠾᠧᠩ᠄ ᠨᠢᠳᠤᠨ ᠡᠮᠦᠨᠡᠬᠢ ᠡᠨᠡ ᠬᠦ ᠨᠤᠮᠢᠨ ᠨᠤᠭᠤᠭᠠᠨ ᠲᠠᠯ᠎ᠠ ᠵᠠᠰᠠᠯᠳᠠ ᠶᠢᠨ ᠦᠷ᠎ᠠ ᠪᠦᠳᠦᠮᠵᠢ ᠶᠢ ᠦᠨᠡᠨ ᠪᠤᠳᠠᠳᠠᠢ ᠪᠠᠷ ᠲᠤᠰᠬᠠᠵᠠᠢ᠂ ᠬᠦᠪᠴᠢ ᠶᠢᠨ ᠡᠯᠡᠰᠦ ᠶᠢ ᠵᠠᠰᠠᠭᠰᠠᠨ ᠲᠤᠷᠰᠢᠯᠭ᠎ᠠ ᠶᠢ ᠰᠤᠷᠤᠯᠴᠠᠨ ᠲᠤᠯᠢᠳᠠᠵᠦ᠂ ᠲᠤᠬᠠᠢ ᠶᠢᠨ ᠭᠠᠵᠠᠷ ᠲᠠᠭᠠᠨ ᠲᠤᠬᠢᠷᠠᠭᠰᠠᠨ ᠡᠯᠡᠰᠦ ᠵᠠᠰᠠᠬᠤ ᠵᠠᠬᠪᠤᠷ ᠢ ᠢᠳᠡᠪᠬᠢᠳᠠᠢ ᠰᠦᠪᠡᠭᠴᠢᠯᠡᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠦᠷᠬᠦᠯᠵᠢᠯᠡᠨ ᠬᠦᠴᠦᠳᠠᠢ ᠰᠠᠶᠢᠳᠤᠷ ᠬᠢᠬᠦ ᠭᠡᠷᠡᠭᠲᠡᠢ ᠭᠡᠪᠡ᠃ ᠲᠡᠷᠡ᠂ ᠰᠢᠯᠢ ᠶᠢᠨ ᠭᠤᠤᠯ ᠤᠨ ᠲᠠᠯ᠎ᠠ ᠨᠤᠳᠤᠭ ᠪᠣᠯ ᠳᠡᠯᠡᠭᠡᠢ ᠳᠤ ᠠᠯᠳᠠᠷᠳᠠᠢ᠂ ᠠᠮᠢ ᠠᠬᠤᠢ ᠶᠢᠨ ᠪᠠᠶᠢᠷᠢ ᠰᠠᠭᠤᠷᠢ ᠮᠠᠰᠢ ᠴᠢᠬᠤᠯᠠ ᠪᠠᠶᠢᠳᠠᠭ ᠶᠤᠮ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠪᠠᠷ ᠬᠦᠭᠵᠢᠬᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ 《ᠨᠤᠮᠢᠨ ᠨᠤᠭᠤᠭᠠᠨ ᠢ ᠬᠠᠮᠠᠭᠠᠯᠠᠬᠤ》 《ᠨᠤᠮᠢᠨ ᠨᠤᠭᠤᠭᠠᠨ ᠢ ᠠᠰᠢᠬᠯᠠᠬᠤ》 《ᠨᠤᠮᠢᠨ ᠨᠤᠭᠤᠭᠠᠨ ᠢ ᠬᠠᠮᠢᠶᠠᠷᠬᠤ》ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠳᠤᠷ ᠬᠢᠵᠦ᠂ ᠨᠤᠮᠢᠨ ᠨᠤᠭᠤᠭᠠᠨ ᠢ ᠮᠦᠩᠭᠡ ᠶᠢᠨ ᠰᠠᠭᠤᠷᠢ ᠦᠩᠭᠡ ᠪᠤᠯᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃

ᠰᠢᠯᠢ ᠶᠢᠨ ᠭᠤᠤᠯ ᠠᠶᠢᠮᠠᠬ ᠲᠡᠦᠭᠡ ᠰᠤᠶᠤᠯ ᠤᠨ ᠦᠪ ᠡᠯᠪᠡᠭ ᠵᠤᠵᠠᠭᠠᠨ᠂ ᠠᠷᠠᠳ ᠤᠨ ᠵᠠᠩ ᠦᠢᠯᠡ ᠶᠢᠨ ᠤᠨᠴᠠᠯᠢᠭ ᠢᠯᠭᠤᠮ ᠪᠠᠶᠢᠵᠤ᠂ ᠰᠤᠶᠤᠯ ᠵᠢᠭᠤᠯᠴᠢᠯᠠᠯ ᠤᠨ ᠦᠢᠯᠡᠰ ᠤᠨᠴᠠᠭᠠᠢ ᠬᠦᠭᠵᠢᠯᠳᠠ ᠶᠢᠨ ᠲᠠᠪᠠᠭᠤᠯᠢᠭ ᠲᠠᠢ᠃ ᠯᠢ ᠵᠢᠢ ᠾᠧᠩ ᠤᠯᠢᠶᠠᠰᠤᠳᠠᠢ ᠵᠠᠩ ᠦᠢᠯᠡ ᠰᠤᠶᠤᠯ ᠤᠨ ᠠᠮᠢ ᠠᠬᠤᠢ ᠶᠢᠨ ᠮᠠᠯᠵᠢᠯ ᠤᠨ ᠲᠠᠯᠠᠪᠠᠢ ᠳᠤ ᠢᠷᠡᠵᠦ᠂ ᠠᠳᠤᠭᠤᠨ ᠰᠤᠶᠤᠯ ᠪᠠ ᠠᠳᠤᠭᠤᠨ ᠤ ᠠᠵᠤ ᠦᠢᠯᠡᠰ ᠤᠨ ᠬᠦᠭᠵᠢᠯᠳᠠ᠂ ᠤᠯᠠᠮᠵᠢᠯᠠᠯᠳᠦ ᠵᠠᠩ ᠦᠢᠯᠡ ᠰᠤᠶᠤᠯ ᠢ ᠬᠠᠮᠠᠭᠠᠯᠠᠨ ᠤᠯᠠᠮᠵᠢᠯᠠᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ᠂ ᠰᠢᠯᠢ ᠶᠢᠨ ᠭᠤᠤᠯ ᠠᠶᠢᠮᠠᠬ ᠤᠨ ᠬᠢᠨ ᠰᠤᠶᠤᠯ ᠵᠢᠭᠤᠯᠴᠢᠯᠠᠯ ᠤᠨ ᠦᠢᠯᠡᠰ ᠢ ᠪᠠᠶᠢᠯᠳᠤᠬᠤ ᠪᠤᠳᠤᠯᠭ᠎ᠠ ᠶᠢᠨ ᠴᠢᠨᠠᠷ ᠳᠠᠢ ᠲᠤᠯᠭᠠᠭᠤᠷᠢ ᠠᠵᠤ ᠦᠢᠯᠡᠰ ᠪᠤᠯᠭᠠᠨ ᠪᠤᠶᠢᠵᠢᠭᠤᠯᠤᠨ ᠴᠤᠬᠴᠠᠯᠠᠵᠦ᠂ ᠰᠤᠶᠤᠯ ᠵᠢᠭᠤᠯᠴᠢᠯᠠᠯ ᠤᠨ ᠦᠢᠯᠡᠰ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠤᠶᠠᠯᠳᠤᠭᠤᠯᠵᠦ᠂ ᠲᠦᠬᠦᠷ  ᠪᠡᠯᠡᠳᠭᠡᠮᠵᠢ ᠶᠢ ᠲᠦᠷᠭᠡᠳᠭᠡᠨ ᠳᠡᠬᠦᠯᠳᠡᠷᠵᠢᠬᠦᠯᠵᠦ᠂ ᠠᠵᠤ ᠦᠢᠯᠡᠰ ᠤᠨ ᠬᠦᠭᠵᠢᠯᠳᠠ ᠶᠢᠨ ᠳᠤᠳᠠᠭᠤᠳᠠᠯ ᠢ ᠨᠦᠬᠦᠪᠦᠷᠢᠯᠡᠨ᠂ ᠰᠤᠶᠤᠯ ᠵᠢᠭᠤᠯᠴᠢᠯᠠᠯ ᠤᠨ ᠦᠢᠯᠡᠰ ᠢ ᠬᠦᠴᠦᠯᠡᠨ ᠪᠤᠵᠠᠭᠠᠢᠢᠷᠠᠭᠤᠯᠵᠦ᠂ ᠰᠢᠯᠢ ᠶᠢᠨ ᠭᠤᠤᠯ ᠤᠨ ᠰᠤᠶᠤᠯ ᠵᠢᠭᠤᠯᠴᠢᠯᠠᠯ ᠢ ᠪᠦᠬᠦ ᠤᠯᠤᠰ ᠲᠤ ᠠᠯᠳᠠᠷᠰᠢᠭᠤᠯᠤᠨ᠂ ᠳᠡᠯᠡᠭᠡᠢ ᠳᠤ ᠳᠠᠭᠤᠷᠢᠰᠤᠭᠤᠯᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃

 ᠡᠨᠡ ᠬᠦ ᠬᠤᠭᠤᠴᠠᠭᠠᠨ ᠳᠤ᠂ ᠯᠢ ᠵᠢᠢ ᠾᠧᠩ ᠪᠠᠰᠠ ᠵᠡᠬᠦᠨ ᠬᠠᠳᠠᠪᠴᠢ ᠪᠤᠭᠤᠮᠳᠠ ᠳᠤ  ᠰᠢᠨᠵᠢᠯᠡᠨ ᠪᠠᠶᠢᠴᠠᠭᠠᠵᠦ᠂ ᠪᠤᠭᠤᠮᠳᠠ ᠶᠢᠨ ᠡᠵᠡᠩᠨᠡᠯᠳᠠ᠂ ᠦᠢᠯᠡᠴᠢᠯᠡᠭᠡ ᠪᠠ ᠰᠦᠢᠳᠭᠡᠯ ᠬᠤᠷᠢᠶ ᠬᠤᠷᠢᠶᠠᠵᠤ ᠪᠠᠶᠢᠭ᠎ᠠᠠᠬᠤ ᠵᠡᠷᠭᠡ ᠪᠠᠶᠢᠳᠠᠯ ᠢ ᠤᠢᠢᠯᠠᠭᠠᠵᠦ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠡᠭᠦᠳᠴᠤ᠂ ᠶᠡᠭᠡ ᠨᠡᠭᠡᠭᠡᠯᠳᠠ ᠪᠠᠷ ᠶᠡᠭᠡ ᠬᠦᠭᠵᠢᠯᠳᠠ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃

ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠳᠠ ᠬᠢᠬᠦ ᠳᠤ ᠤᠷᠤᠯᠴᠠᠪᠠ᠃

ᠢᠷᠡᠯᠲᠡ ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠡᠴᠡ ᠰᠢᠯᠵᠢᠭᠦᠯᠦᠨ ᠨᠠᠶᠢᠷᠠᠭᠤᠯᠪᠠ

2019 ᠣᠨ ᠤ 9 ᠳ᠋ᠦ᠋ᠭᠡᠷ ᠰᠠᠷ᠎ᠠ ᠶᠢᠨ 9 ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠡᠷᠬᠢᠯᠡᠭᠴᠢ ᠯᠢ ᠵᠢᠢ ᠾᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢᠵᠢᠯ ᠤᠨ ᠠᠵᠢᠯ ᠤᠨ ᠤᠢᠢᠯᠠᠭᠠᠭᠳᠠᠬᠤᠨ᠂ ᠲᠤᠭᠳᠠᠴᠠ ᠪᠠ ᠠᠷᠭ᠎ᠠ ᠶᠢᠨ ᠰᠢᠨ᠎ᠠ ᠶᠢ ᠡᠬᠦᠳᠬᠦ ᠶᠢ ᠳᠠᠰᠤᠷᠠᠯᠳᠠ ᠦᠭᠡᠢ ᠠᠬᠢᠭᠤᠯᠤᠨ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠡᠯ᠎ᠠ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠭᠡᠷᠡᠭᠲᠡᠢ ᠭᠡᠵᠦ ᠴᠢᠬᠤᠯᠠᠴᠢᠯᠠᠵᠠᠢ᠃

ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠳᠡᠳ᠋ ᠡᠷᠬᠢᠯᠡᠭᠴᠢ ᠪᠦ᠋ ᠰᠢᠶᠤᠤ ᠯᠢᠨ᠂ ᠯᠢᠨ ᠱᠤᠤ ᠴᠦᠨ ᠬᠤᠷᠠᠯ ᠳᠤ ᠤᠷᠤᠯᠴᠠᠪᠠ᠃

ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠬᠤᠶᠠᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠡᠯ᠎ᠠ ᠭᠠᠵᠠᠷ ᠤᠨ ᠬᠠᠤᠯᠢ ᠪᠠᠷ ᠮᠤᠵᠢ (ᠤᠷᠤᠨ᠂ ᠬᠤᠳᠠ) ᠪᠠᠨ ᠵᠠᠰᠠᠬᠤ ᠬᠤᠷᠢᠶᠠᠨ ᠤ ᠠᠯᠪᠡᠨ ᠭᠡᠷ ᠤᠨ ᠬᠠᠷᠢᠭᠤᠴᠠᠯᠭᠠᠳᠠᠨ ᠤ ᠶᠠᠷᠢᠯᠴᠠᠬᠤ ᠬᠤᠷᠠᠯ ᠤᠨ ᠵᠤᠷᠢᠬ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶ᠎ᠠ ᠪᠠᠶᠢᠭᠤᠯᠤᠭᠳᠠᠭᠰᠠᠨ ᠠᠴᠠ ᠨᠠᠰᠢᠬᠢ ᠠᠵᠢᠯ ᠤᠨ ᠪᠠᠶᠢᠳᠠᠯ ᠤᠨ ᠮᠡᠳᠡᠬᠦᠯᠦᠯᠳᠠ᠂ ᠬᠠᠤᠯᠢᠵᠢᠯ ᠤᠨ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠬᠦᠯᠦᠯᠳᠠ ᠪᠠ ᠡᠯ᠎ᠠ ᠬᠤᠯᠪᠤᠭᠳᠠᠯ ᠪᠦᠬᠦᠢ ᠵᠤᠬᠢᠴᠠᠭᠤᠯᠬᠤ ᠲᠤᠭᠤᠢᠢᠯᠠᠩ ᠤᠨ ᠠᠵᠢᠯ ᠤᠨ ᠮᠡᠳᠡᠬᠦᠯᠦᠯᠳᠠ ᠶᠢ ᠰᠤᠨᠤᠰᠴᠠᠢ᠃

ᠯᠢ ᠵᠢᠢ ᠡᡁᠧᠩ᠂ ᠬᠠᠤᠯᠢᠵᠢᠯ ᠤᠨ ᠪᠠᠶᠢᠭᠤᠯᠤᠯᠳᠠ ᠶᠢᠨ ᠲᠦᠯᠤᠪᠵᠢᠬᠦᠯᠬᠡ ᠶᠢ ᠲᠡᠬᠦᠯᠳᠡᠷᠵᠢᠬᠦᠯᠵᠤ᠂ ᠪᠦᠬᠦ ᠲᠠᠯ᠎ᠠ ᠶᠢᠨ ᠡᠯᠧᠮᠧᠨ᠋ᠲ ᠢ ᠨᠢᠬᠡᠳᠤᠯᠳᠠᠢ ᠲᠦᠯᠤᠪᠵᠢᠬᠦᠯᠤᠨ ᠪᠤᠳᠤᠯᠬᠢᠯᠠᠵᠤ᠂ ᠮᠠᠨ ᠤ ᠤᠷᠤᠨ ᠤ ᠬᠤᠯᠪᠤᠬᠳᠠᠯ ᠪᠦᠬᠦᠢ ᠲᠦᠯᠤᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠬᠤ ᠭᠡᠷᠡᠭᠳᠠᠢ᠃ ᠦᠨᠳᠤᠰᠤᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢ ᠬᠦᠨᠵᠡᠬᠡᠢ ᠦᠷᠨᠢᠬᠦᠯᠵᠤ᠂ ᠦᠷᠬᠡᠨ ᠤᠯᠠᠨ ᠺᠠᠳ᠋ᠷ ᠤᠨ ᠬᠠᠤᠯᠢᠵᠢᠯ ᠤᠨ ᠰᠡᠳᠬᠢᠴᠠ ᠪᠤᠯᠤᠨ ᠬᠠᠤᠯᠢᠵᠢᠯ ᠤᠨ ᠠᠷᠭ᠎ᠠ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠬᠦ ᠶᠢ ᠬᠦᠮᠤᠵᠢᠬᠦᠯᠦᠨ ᠬᠦᠳᠤᠯᠤᠨ ᠵᠢᠯᠤᠭᠤᠳᠴᠤ᠂ ᠦᠨᠳᠤᠰᠤᠨ ᠬᠠᠤᠯᠢ ᠶᠢᠨ ᠵᠤᠷᠢᠬ ᠰᠠᠨᠠᠭ᠎ᠠ ᠶᠢ ᠬᠦᠮᠤᠰ ᠤᠨ ᠰᠡᠳᠬᠢᠯ ᠳᠤ ᠬᠠᠳᠠᠩᠰᠢᠭᠤᠯᠬᠤ ᠭᠡᠷᠡᠭᠳᠠᠢ᠃ ᠤᠷᠤᠨ ᠨᠤᠳᠤᠬ ᠤᠨ ᠬᠠᠤᠯᠢ ᠲᠤᠭᠳᠠᠭᠠᠬᠤ ᠶᠠᠰᠤ ᠴᠢᠨᠠᠷ ᠪᠤᠯᠤᠨ ᠦᠷ᠎ᠠ ᠠᠰᠢᠬ ᠢ ᠲᠡᠭᠡᠭᠰᠢᠯᠡᠬᠦᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠠᠤᠯᠢ ᠲᠦᠷᠢᠮ ᠤᠨ ᠦᠷ᠎ᠠ ᠪᠦᠳᠤᠮᠵᠢᠳᠤ ᠴᠢᠨᠠᠷ᠂ ᠭᠡᠷᠡᠭᠴᠡᠬᠡᠳᠤ ᠴᠢᠨᠠᠷ ᠢ ᠲᠡᠭᠡᠭᠰᠢᠯᠡᠬᠦᠯᠬᠦ ᠲᠡᠭᠡᠷ᠎ᠡ ᠬᠦᠴᠦ ᠤᠷᠤᠭᠤᠯᠵᠤ᠂ ᠬᠠᠤᠯᠢ ᠳᠤ ᠲᠤᠭᠲᠠᠭᠠᠭᠰᠠᠠ ᠡᠷᠬᠡ ᠶᠢᠨ ᠬᠢᠵᠠᠭᠠᠷ ᠪᠠ ᠵᠢᠷᠤᠮ ᠲᠠᠷᠠᠭᠠᠯᠠᠯ ᠢᠶᠠᠷ ᠬᠠᠤᠯᠢ ᠲᠤᠭᠲᠠᠭᠠᠵᠤ᠂ ᠬᠠᠤᠯᠢ ᠲᠦᠷᠢᠮ ᠤᠨ ᠦᠷ᠎ᠠ ᠪᠦᠳᠤᠮᠵᠢᠳᠤ ᠴᠢᠨᠠᠷ᠂ ᠭᠡᠷᠡᠭᠴᠡᠬᠡᠳᠤ ᠴᠢᠨᠠᠷ ᠢ ᠴᠢᠩᠭᠠᠳᠬᠠᠬᠤ ᠭᠡᠷᠡᠭᠳᠠᠢ᠃ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠲᠦᠷᠬᠡᠨ ᠠᠬᠢᠭᠤᠯᠵᠤ᠂ ᠬᠠᠤᠯᠢ ᠶᠤᠰᠤᠭᠠᠷ ᠰᠢᠢᠳᠪᠤᠷᠢᠳᠤ ᠪᠤᠳᠤᠯᠭ᠎ᠠ ᠲᠤᠭᠳᠠᠭᠠᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠵᠠᠰᠠᠬ ᠵᠠᠬᠢᠷᠭᠠᠨ ᠤ ᠬᠠᠤᠯᠢ ᠭᠡᠷᠡᠭᠵᠢᠬᠦᠯᠬᠦ 《ᠭᠤᠷᠪᠠᠨ ᠵᠦᠢᠯ ᠤᠨ ᠲᠦᠷᠢᠮ》 ᠤᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠠᠬᠢᠭᠤᠯᠵᠤ᠂ 《ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠵᠢᠱᠢᠶ᠎ᠠ ᠦᠵᠡᠬᠦᠯᠬᠦ ᠬᠤᠰᠢᠭᠤ ᠰᠢᠶᠠᠨ (ᠬᠤᠳᠠ᠂ ᠲᠤᠭᠤᠷᠢᠭ)》 ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠰᠢᠯᠭᠠᠨ ᠦᠨᠡᠯᠡᠬᠦ ᠲᠦᠷᠢᠮ ᠢ ᠲᠡᠬᠦᠯᠳᠡᠷᠵᠢᠬᠦᠯᠬᠦ ᠭᠡᠷᠡᠭᠳᠠᠢ᠃ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠠᠯ ᠢ ᠡᠬᠦᠳᠴᠤ᠂ 《ᠲᠠᠯᠪᠢᠬᠤ ᠬᠠᠮᠢᠶᠠᠷᠬᠤ ᠤᠢᠢᠯᠡᠴᠢᠯᠡᠬᠦ》 ᠦᠬᠡᠷᠡᠴᠢᠯᠠᠯᠳᠠ  ᠶᠢᠨ ᠡᠷᠴᠢᠮ ᠢ ᠴᠢᠩᠭᠠᠷᠠᠭᠤᠯᠵᠤ᠂ ᠠᠷᠠᠳ ᠲᠤ ᠲᠦᠬᠦᠮ ᠦᠵᠡᠬᠦᠯᠬᠦ ᠠᠷᠭ᠎ᠠ ᠬᠡᠮᠵᠢᠶ᠎ᠠ ᠶᠢ ᠠᠬᠢᠭᠤᠯᠵᠤ᠂ ᠦᠨᠡᠨᠴᠢ ᠢᠳᠡᠬᠡᠮᠵᠢᠳᠠᠢ ᠵᠠᠰᠠᠬ ᠤᠨ ᠤᠷᠳᠤᠨ ᠢ ᠪᠠᠶᠢᠭᠤᠯᠵᠤ᠂ ᠦᠨᠳᠤᠷ ᠲᠦᠪᠰᠢᠨ ᠲᠠᠢ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠠᠯ ᠢ ᠲᠠᠰᠤᠷᠠᠯᠳᠠ ᠦᠬᠡᠢ ᠰᠢᠯᠢᠳᠡᠭᠵᠢᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃

ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠬᠡᠰᠢᠬᠦᠨ ᠵᠢᠴᠢ ᠡᠯ᠎ᠠ ᠵᠤᠬᠢᠴᠠᠭᠤᠯᠬᠤ ᠲᠤᠭᠤᠢᠢᠯᠠᠩ ᠤᠨ ᠪᠦᠷᠢᠯᠳᠤᠬᠦᠨ ᠬᠤᠷᠠᠯ ᠳᠤ ᠤᠷᠤᠯᠴᠠᠵᠤ᠂ ᠬᠤᠯᠪᠤᠬᠳᠠᠯ ᠪᠦᠬᠦᠢ ᠲᠠᠯ᠎ᠠ ᠶᠢᠨ  ᠬᠠᠷᠢᠭᠤᠴᠠᠯᠭᠠᠲᠠᠳ ᠬᠤᠷᠠᠯ ᠳᠤ ᠰᠤᠯᠠ ᠤᠷᠤᠯᠴᠠᠵᠠᠢ᠃


   :                    
   :           
备案序号:蒙ICP备05003250号 公安备案15010502000173