ᠵᠤᠬᠢᠶᠠᠭᠴᠢ:
ᠴᠠᠭ:2019-08-28
ᠥᠵᠡᠭᠰᠡᠨ : ℃
ᠢᠷᠡᠯᠲᠡ:
ᠤᠯᠠᠭᠠᠨᠴᠠᠪ ᠬᠤᠲᠠ ᠨᠡᠶᠢᠭᠡᠮ ᠤᠨ ᠲᠤᠰᠠᠯᠠᠬᠤ ᠠᠵᠢᠯ ᠢᠶᠠᠨ ᠪᠥᠬᠦ ᠲᠠᠯ᠎ᠠ ᠪᠠᠷ ᠵᠢᠷᠤᠮᠵᠢᠭᠤᠯᠪᠠ
ᠨᠢᠭᠡ᠂ ᠡᠷᠦᠬᠡ ᠪᠠᠷ ᠪᠠᠲᠤᠯᠠᠭ᠎ᠠ ᠣᠯᠭᠤᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠣᠢ᠃ ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠦᠨᠡᠮᠰᠢᠬᠦ ᠠᠷᠭ᠎ᠠ ᠵᠢᠴᠢ ᠲᠤᠬᠠᠶ ᠶᠢᠨ ᠭᠠᠵᠠᠷ ᠤᠨ ᠨᠡᠶᠢᠲᠡᠯᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠦᠨᠡᠮᠰᠢᠬᠦ ᠨᠠᠷᠢᠨ ᠳᠦᠷᠢᠮ ᠤᠨ ᠶᠣᠰᠣᠭᠠᠷ᠂ ᠪᠣᠢ ᠪᠦᠬᠦᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠢ ᠰᠢᠨ᠎ᠡ ᠪᠠᠷ ᠡᠮᠬᠢᠯᠡᠵᠦ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠡᠷᠦᠬᠡ ᠪᠠᠷ ᠨᠢᠭᠡᠴᠢ ᠪᠣᠯᠭᠠᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠵᠥᠷᠢᠶᠡᠲᠦ ᠲᠤᠭ᠎ᠠ ᠪᠠᠷ ᠲᠤᠰᠠᠯᠠᠬᠤ ᠶᠢ ᠬᠡᠷᠡᠭᠵᠢᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢᠨ ᠨᠥᠬᠦᠴᠡᠯ ᠳᠤ ᠨᠡᠶᠢᠴᠡᠬᠦ ᠦᠭᠡᠢ ᠶᠢ ᠨᠢ ᠴᠥᠮ ᠬᠠᠰᠤᠪᠠ᠃ ᠣᠳᠣᠬᠠᠨ ᠪᠣᠯᠲᠠᠯ᠎ᠠ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠂ ᠹᠧᠩᠵᠧᠨ ᠬᠤᠲᠠ ᠨᠢᠭᠡᠨᠲᠡ ᠡᠷᠦᠬᠡ ᠪᠠᠷ ᠪᠠᠲᠤᠯᠠᠭ᠎ᠠ ᠣᠯᠭᠤᠬᠤ ᠠᠵᠢᠯ ᠢ ᠪᠡᠶᠡᠯᠡᠭᠦᠯᠵᠦ᠂ ᠳᠥᠷᠪᠡᠳ ᠬᠤᠰᠢᠭᠤ ᠂ ᠪᠤᠰᠤᠳ ᠡᠯ᠎ᠡ ᠭᠠᠵᠠᠷ ᠤᠨ ᠬᠢᠨ ᠵᠢᠯ ᠤᠨ ᠡᠴᠦᠰ ᠪᠣᠯᠲᠠᠯ᠎ᠠ ᠡᠨᠡ ᠬᠦ ᠠᠵᠢᠯ ᠢᠶᠠᠨ ᠴᠥᠮ ᠬᠢᠵᠦ ᠳᠠᠭᠤᠰᠬᠠᠬᠤ ᠪᠠᠷ ᠪᠣᠢ᠃
ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠠᠰᠠᠯᠲᠠ ᠶᠢ ᠪᠦᠬᠦ ᠲᠠᠯ᠎ᠠ ᠪᠠᠷ ᠥᠷᠨᠢᠭᠦᠯᠵᠦ ᠪᠣᠢ᠃ ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠠᠰᠠᠯᠲᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠣᠳᠣᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ 2017 ᠣᠨ ᠠᠴᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠭᠤᠶᠤᠴᠢᠯᠠᠭᠰᠠᠨ ᠪᠣᠯᠪᠠᠴᠤ ᠬᠢᠨᠠᠨ ᠵᠥᠪᠰᠢᠶᠡᠷᠡᠭᠡᠳ ᠪᠠᠲᠤᠯᠠᠭᠳᠠᠭᠰᠠᠨ ᠥᠬᠡᠶ ᠭᠡᠷ ᠪᠦᠯᠢ ᠪᠠ ᠬᠥᠳᠡᠯᠦᠩᠭᠦᠶ ᠬᠠᠮᠢᠶᠠᠷᠤᠯᠲᠠ ᠠᠴᠠ ᠭᠡᠷ ᠪᠦᠯᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠪᠦᠬᠦ ᠬᠤᠲᠠ ᠳᠤ ᠨᠡᠶᠢᠲᠡ 362507 ᠬᠥᠮᠦᠨ ᠢ ᠵᠢᠭᠰᠠᠭᠠᠨ ᠪᠠᠶᠢᠴᠠᠭᠠᠵᠤ ᠳᠠᠬᠢᠨ ᠬᠠᠷᠭᠤᠭᠤᠯᠵᠤ᠂ ᠡᠭᠦᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ 335900 ᠬᠥᠮᠦᠨ ᠢ ᠦᠷᠭᠦᠯᠵᠢᠯᠡᠨ ᠪᠠᠲᠤᠯᠠᠵᠤ᠂ 13173 ᠬᠦᠮᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠠᠴᠠ ᠭᠠᠷᠭᠠᠵᠤ᠂ ᠰᠢᠨ᠎ᠡ ᠪᠠᠷ 13434 ᠬᠥᠮᠦᠨ ᠨᠡᠮᠡᠭᠳᠡᠭᠦᠯᠪᠡ᠃
ᠭᠤᠷᠪᠠ᠂ ᠡᠮ ᠡᠮᠨᠡᠯᠭᠡ ᠶᠢᠨ ᠲᠤᠰᠠᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ ᠪᠣᠢ᠃ ᠵᠠᠰᠠᠪᠤᠷᠢ ᠣᠷᠣᠭᠤᠯᠵᠤ ᠪᠦᠷᠢᠨᠰᠢᠭᠦᠯᠦᠭᠰᠡᠨ ᠤ ᠳᠠᠷᠠᠭᠠᠬᠢ ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠡᠮ ᠡᠮᠨᠡᠯᠭᠡ ᠶᠢᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠦᠯ ᠶᠣᠰᠣᠭᠠᠷ᠂ ᠲᠤᠰᠠᠯᠠᠬᠤ ᠬᠡᠪᠴᠢᠶ᠎ᠡ ᠪᠠᠨ ᠥᠷᠭᠦᠯᠵᠢᠯᠡᠨ ᠥᠷᠭᠡᠳᠬᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ ᠭᠡᠷ ᠪᠦᠯᠢ ᠶᠢᠨ ᠪᠦᠷᠢᠯᠳᠦᠬᠦᠨ ᠢ ᠲᠤᠰᠠᠯᠠᠬᠤ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠲᠤᠰᠠᠯᠠᠯᠲᠠ ᠶᠢ ᠨᠡᠮᠡᠭᠳᠡᠭᠦᠯᠬᠦ ᠶᠢᠨ ᠬᠠᠮᠲᠤ᠂ ᠶᠡᠷᠦᠩᠬᠡᠶ ᠵᠠᠷᠤᠳᠠᠯ ᠨᠢ 3 ᠲᠦᠮᠡᠨ ᠲᠥᠭᠦᠷᠢᠭ ᠠᠴᠠ ᠳᠣᠷᠣᠭᠰᠢᠬᠢ ᠡᠩ ᠤᠨ ᠡᠪᠡᠳᠴᠢᠨ ᠡᠮᠭᠡᠭ ᠤᠨ ᠡᠮᠨᠡᠯᠭᠡ ᠳᠤ ᠰᠠᠭᠤᠵᠤ ᠳᠠᠩᠰᠠ ᠲᠠᠶᠢᠯᠬᠤ ᠬᠠᠷᠢᠴᠠᠯ ᠢ 65% ᠪᠠᠶᠢᠭᠰᠠᠨ ᠠᠴᠠ ᠨᠢ 70% ᠪᠣᠯᠭᠠᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ ᠳᠠᠭᠠᠳᠬᠠᠯ ᠳᠤ ᠣᠷᠣᠯᠴᠠᠵᠤ ᠬᠤᠷᠰᠢᠭᠰᠠᠨ ᠡᠮᠨᠡᠯᠭᠡ ᠳᠤ ᠣᠷᠣᠯᠴᠠᠬᠤ ᠵᠠᠷᠤᠳᠠᠯ ᠢ 50 ᠲᠥᠭᠦᠷᠢᠭ ᠳᠡᠮᠵᠢᠵᠦ ᠪᠠᠶᠢᠭᠰᠠᠨ ᠠᠴᠠ ᠨᠢ 60 ᠲᠥᠭᠦᠷᠢᠭ ᠪᠣᠯᠭᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠲᠤᠰᠠᠯᠠᠭᠤᠯᠤᠭᠴᠢᠳ ᠨᠡᠶᠢᠲᠡ 377545 ᠬᠥᠮᠦᠨ ᠤᠳᠠᠭ᠎ᠠ ᠳᠤ ᠬᠦᠷᠴᠦ᠂ ᠡᠭᠦᠨ ᠳᠤ ᠳᠠᠭᠠᠳᠬᠠᠯ ᠳᠤ ᠣᠷᠤᠯᠴᠠᠭᠰᠠᠳ ᠢ 330379 ᠬᠥᠮᠦᠨ ᠤᠳᠠᠭ᠎ᠠ ᠲᠤᠰᠠᠯᠠᠵᠤ᠂ 47166 ᠬᠥᠮᠦᠨ ᠢ ᠰᠢᠭᠤᠳ ᠲᠤᠰᠠᠯᠠᠪᠠ᠃ ᠶᠡᠷᠦᠩᠬᠡᠢ ᠲᠤᠰᠠᠯᠠᠭᠰᠠᠨ ᠵᠠᠷᠤᠳᠠᠯ ᠨᠢ 10818.31 ᠲᠦᠮᠡᠨ ᠲᠥᠭᠦᠷᠢᠭ ᠲᠤ ᠬᠦᠷᠪᠡ᠃
ᠳᠥᠷᠪᠡ᠂ ᠲᠦᠷ ᠴᠠᠭ ᠤᠨ ᠲᠤᠰᠠᠯᠠᠬᠤ ᠪᠠᠲᠤᠯᠠᠭ᠎ᠠ ᠶᠢᠨ ᠬᠢᠷᠢ ᠲᠦᠪᠰᠢᠨ ᠢᠶᠠᠨ ᠥᠨᠡᠨ ᠬᠦ ᠴᠢᠩᠭᠠᠳᠬᠠᠵᠤ ᠪᠣᠢ᠃ ᠲᠦᠷ ᠴᠠᠭ ᠤᠨ ᠲᠤᠰᠠᠯᠠᠬᠤ ᠳᠦᠷᠢᠮ ᠢ ᠤᠯᠠᠮ ᠲᠡᠭᠦᠯᠳᠡᠷᠵᠢᠭᠦᠯᠦᠨ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠭᠡᠨᠡᠳᠲᠡ ᠶᠢᠨ ᠴᠢᠨᠠᠷᠲᠠᠶ᠂ ᠴᠢᠨᠠᠷᠲᠠᠶ᠂ ᠲᠦᠷ ᠴᠠᠭ ᠤᠨ ᠴᠢᠨᠠᠷᠲᠠᠢ ᠬᠡᠷᠡᠭ ᠶᠠᠪᠤᠳᠠᠯ᠂ ᠭᠡᠨᠡᠳᠲᠡ ᠶᠢᠨ ᠴᠢᠨᠠᠷᠲᠠᠢ ᠬᠦᠨᠳᠦ ᠣᠨᠴᠠ ᠶᠡᠭᠡ ᠡᠪᠡᠳᠴᠢᠨ ᠡᠮᠭᠡᠭ ᠪᠤᠶᠤ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠮᠢᠳᠤᠷᠠᠯ ᠤᠨ ᠴᠢᠬᠤᠯᠠ ᠪᠦᠬᠦᠢ ᠵᠠᠷᠤᠯᠭ᠎ᠠ ᠭᠡᠨᠡᠳᠲᠡ ᠨᠡᠮᠡᠭᠳᠡᠭᠰᠡᠨ ᠠᠴᠠ ᠪᠣᠯᠵᠤ ᠭᠡᠷ ᠪᠦᠯᠢ ᠨᠢ ᠬᠦᠴᠢᠷᠳᠡᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠲᠣᠭᠲᠠᠮᠠᠯ ᠪᠤᠰᠤ ᠬᠤᠭᠤᠴᠠᠭ᠎ᠠ᠂ ᠲᠣᠭᠲᠠᠮᠠᠯ ᠪᠤᠰᠤ ᠬᠡᠮᠵᠢᠶ᠎ᠡ ᠪᠦᠬᠦᠢ ᠠᠮᠢᠳᠤᠷᠠᠯ ᠤᠨ ᠲᠤᠰᠠᠯᠠᠯᠲᠠ ᠬᠠᠩᠭᠠᠵᠤ ᠪᠠᠶᠢᠨ᠎ᠠ᠃ ᠣᠳᠣᠬᠠᠨ ᠪᠣᠯᠲᠠᠯ᠎ᠠ᠂ ᠪᠦᠬᠦ ᠬᠤᠲᠠ ᠲᠦᠷ ᠴᠠᠭ ᠤᠨ ᠲᠤᠰᠠᠯᠠᠬᠤ ᠪᠡᠯᠡ ᠮᠥᠩᠭᠦ ᠶᠢ 4442.8 ᠲᠦᠮᠡᠨ ᠲᠥᠭᠦᠷᠢᠭ ᠵᠠᠷᠤᠴᠠᠭᠤᠯᠪᠠ᠃