ᠵᠤᠬᠢᠶᠠᠭᠴᠢ:
ᠴᠠᠭ:2019-08-16
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ 《ᠨᠣᠭᠤᠭᠠᠨ ᠪᠠᠮᠪᠠᠢ 2019》 ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠨ ᠪ
2019 ᠣᠨ ᠤ 8 ᠳ᠋ᠤᠭᠠᠷ ᠰᠠᠷ᠎ᠠ ᠶᠢᠨ 9 ᠦ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠳᠥᠷᠪᠡᠨ ᠲᠢᠩᠬᠢᠮ ᠲᠣᠪᠴᠢᠶ᠎ᠠ ᠪᠠᠷ ᠪᠦᠷᠢᠯᠳᠦᠭᠰᠡᠨ 《 ᠨᠣᠭᠤᠭᠠᠨ ᠪᠠᠮᠪᠠᠢ 2019》 ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ 《ᠨᠣᠭᠤᠭᠠᠨ ᠪᠠᠮᠪᠠᠢ 2019》 ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠳᠤ ᠪᠠᠶᠢᠴᠠᠭᠠᠯᠲᠠ ᠬᠢᠪᠡ᠃
ᠪᠠᠶᠢᠴᠠᠭᠠᠬᠤ ᠳᠤᠭᠤᠶᠢᠯᠠᠩ ᠤᠨ ᠬᠢᠨ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ 2016 ᠣᠨ ᠠᠴᠠ ᠨᠠᠰᠢᠬᠢ ᠬᠠᠤᠯᠢ ᠬᠡᠷᠡᠭᠵᠢᠭᠦᠯᠦᠯᠲᠡ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠪᠣᠯᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ 《ᠪᠤᠴᠠᠵᠤ ᠪᠠᠶᠢᠴᠠᠭᠠᠨ ᠦᠵᠡᠬᠦ》 ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠬᠠᠶ ᠲᠤᠰᠬᠠᠶ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ ᠢ ᠰᠣᠨᠣᠰᠴᠤ᠂ 2017 ᠣᠨ᠂ 2018 ᠣᠨ ᠤ 《 ᠨᠣᠭᠤᠭᠠᠨ ᠪᠠᠮᠪᠠᠢ 》 ᠠᠵᠢᠯᠯᠠᠭ᠎ᠠ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ 2019 ᠣᠨ ᠤ 《ᠨᠣᠭᠤᠭᠠᠨ ᠪᠠᠮᠪᠠᠢ 》 ᠶᠢᠨ ᠠᠵᠢᠯᠯᠠᠭ᠎ᠠ ᠶᠢᠨ ᠠᠰᠠᠭᠤᠳᠠᠯ ᠢ ᠰᠢᠭᠰᠢᠨ ᠪᠠᠶᠢᠴᠠᠭᠠᠭᠰᠠᠨ᠂ ᠰᠢᠶᠳᠪᠦᠷᠢᠯᠡᠭᠰᠡᠨ᠂ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠵᠢᠯ ᠵᠢᠴᠢ ᠣᠶᠢᠷ᠎ᠠ ᠶᠢᠨ ᠭᠤᠷᠪᠠᠨ ᠵᠢᠯ ᠤᠨ 《ᠨᠣᠭᠤᠭᠠᠨ ᠪᠠᠮᠪᠠᠢ 》 ᠶᠢᠨ ᠡᠬᠡ ᠳᠠᠩᠰᠠ ᠶᠢ ᠪᠠᠶᠢᠭᠤᠯᠤᠨ ᠪᠦᠷᠢᠨᠰᠢᠭᠦᠯᠦᠭᠰᠡᠨ ᠪᠠᠶᠢᠳᠠᠯ᠂ ᠣᠯᠠᠨ ᠲᠦᠮᠡᠨ ᠤ ᠲᠤᠰᠬᠠᠯ ᠴᠢᠩᠭ᠎ᠠ᠂ ᠵᠠᠭᠤᠴᠢᠯᠠᠭᠤᠷ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠪᠠ ᠡᠳᠦᠷ ᠲᠤᠲᠤᠮ ᠤᠨ ᠰᠢᠭᠰᠢᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠳᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ 《ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ 》 ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠨ ᠬᠢᠨ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠹᠧᠩ ᠶᠤᠸᠠᠨ ᠭᠤᠷᠪᠠᠳᠤᠭᠠᠷ ᠠᠭᠤᠷᠬᠠᠶ᠂ ᠲᠠᠪᠤᠳᠤᠭᠠᠷ ᠠᠭᠤᠷᠬᠠᠶ᠂ ᠬᠤᠩ ᠯᠢ ᠳ᠋ᠠ ᠯᠢᠩ ᠨᠡᠭᠦᠷᠡᠰᠦᠨ ᠠᠭᠤᠷᠬᠠᠶ ᠵᠡᠷᠭᠡ ᠳᠤ ᠭᠦᠨᠵᠡᠭᠡᠶᠢᠷᠡᠨ 2016 ᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠳᠤᠮᠳᠠᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠭᠰᠠᠨ ᠠᠰᠠᠭᠤᠳᠠᠯ ᠵᠢᠴᠢ 2017 ᠣᠨ᠂ 2018 ᠣᠨ ᠤ 《ᠨᠣᠭᠤᠭᠠᠨ ᠪᠠᠮᠪᠠᠢ 》 ᠠᠵᠢᠯᠯᠠᠭ᠎ᠠ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠣᠳᠠᠲᠠᠶ ᠭᠠᠵᠠᠷ ᠲᠤ ᠨᠢ ᠬᠠᠷᠭᠤᠭᠤᠯᠤᠨ ᠪᠠᠶᠢᠴᠠᠭᠠᠭᠰᠠᠨ ᠪᠥᠭᠡᠳ ᠳᠣᠲᠣᠭᠠᠳᠤ ᠠᠵᠢᠯ ᠤᠨ ᠮᠠᠲ᠋ᠧᠷᠢᠶᠠᠯ ᠢ ᠨᠠᠷᠢᠨ ᠨᠢᠮᠪᠠᠶ ᠪᠠᠢᠴᠠᠭᠠᠨ ᠦᠵᠡᠪᠡ᠃
ᠬᠠᠷᠢᠭᠤ ᠲᠤᠰᠬᠠᠬᠤ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠠᠵᠢᠯ ᠢ ᠭᠦᠶᠴᠡᠳ ᠨᠤᠲᠠᠯᠠᠭᠰᠠᠨ ᠤ ᠬᠠᠮᠲᠤ᠂ 《ᠨᠣᠭᠤᠭᠠᠨ ᠪᠠᠮᠪᠠᠢ 2017᠂ 2018》 ᠶᠢᠨ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠡᠭᠴᠡᠯᠡᠨ ᠰᠠᠶᠢᠵᠢᠷᠠᠭᠤᠯᠤᠯᠲᠠ ᠳᠤ ᠬᠤᠯᠪᠣᠭᠳᠠᠭᠰᠠᠨ ᠠᠰᠠᠭᠤᠳᠠᠯ ᠳᠤ ᠳ᠋ᠤᠭᠠᠷ ᠢᠶᠠᠨ ᠬᠠᠰᠤᠭᠤᠯᠬᠤ ᠭᠤᠶᠤᠴᠢᠯᠠᠯ ᠭᠠᠷᠭᠠᠭᠠᠷᠠᠢ ᠭᠡᠵᠦ ᠰᠠᠨᠠᠭᠤᠯᠭ᠎ᠠ ᠳᠤᠷᠠᠳᠪᠠ᠃ ᠲᠣᠰ ᠤᠳᠠᠭᠠᠨ ᠤ ᠪᠠᠶᠢᠴᠠᠭᠠᠯᠲᠠ ᠨᠢ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠪᠠ ᠠᠯᠠᠱᠠ ᠠᠭᠤᠯᠠ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠠᠭᠠᠯᠠᠬᠤ ᠳᠤ ᠴᠢᠬᠤᠯᠠ ᠦᠶᠯᠡᠳᠦᠯ ᠲᠠᠢ ᠶᠤᠮ᠃