ᠵᠤᠬᠢᠶᠠᠭᠴᠢ:
ᠴᠠᠭ:2019-06-21
ᠥᠵᠡᠭᠰᠡᠨ : ℃
ᠢᠷᠡᠯᠲᠡ:
ᠪᠤᠭᠤᠲᠤ ᠬᠤᠲᠠ 《ᠬᠠᠶᠠᠬᠳᠠᠮᠠᠯ ᠪᠤᠳᠠᠰ ᠦᠭᠡᠢ ᠬᠤᠲᠠ》 ᠲᠤᠷᠰᠢᠯᠲᠠ ᠴᠢᠬ
ᠮᠠᠨ ᠤ ᠤᠯᠤᠰ ᠤᠨ 《ᠬᠠᠶᠠᠬᠳᠠᠮᠠᠯ ᠪᠤᠳᠠᠰ ᠦᠭᠡᠢ ᠬᠤᠲᠠ》 ᠶᠢᠨ ᠲᠤᠷᠰᠢᠯᠲᠠ ᠶᠢᠨ ᠴᠢᠬ ᠢ ᠪᠠᠶᠢᠭᠤᠯᠬᠤ ᠡᠬᠢᠯᠡᠯᠲᠡ ᠶᠢᠨ ᠶᠤᠰᠤᠯᠠᠯ ᠲᠦᠷᠦᠭᠦᠬᠡᠨ ᠱᠸᠨᠵᠸᠨ ᠬᠤᠲᠠ ᠳᠤ ᠪᠤᠯᠵᠦ᠂ ᠤᠯᠤᠰ ᠤᠨ ᠪᠠᠶᠢᠭᠠᠯᠢ ᠤᠷᠴᠢᠨ ᠲᠣᠭᠤᠷᠢᠨ ᠤ ᠶᠠᠮᠤᠨ ᠡᠴᠡ ᠰᠤᠩᠭᠤᠬᠰᠠᠨ 11《ᠬᠠᠶᠠᠬᠳᠠᠮᠠᠯ ᠪᠤᠳᠠᠰ ᠦᠭᠡᠢ ᠬᠤᠲᠠ》 ᠶᠢᠨ ᠲᠤᠷᠰᠢᠯᠲᠠ ᠶᠢᠨ ᠴᠢᠬ ᠲᠤᠳᠤᠷ᠎ᠠ ᠦᠪᠦᠷ ᠮᠤᠩᠭᠤᠯ ᠤᠨ ᠪᠤᠭᠤᠲᠤ ᠬᠤᠲᠠ ᠪᠠᠬᠲᠠᠵᠠᠢ᠃
《ᠬᠠᠶᠠᠬᠳᠠᠮᠠᠯ ᠪᠤᠳᠠᠰ ᠦᠭᠡᠢ ᠬᠤᠲᠠ》ᠭᠡᠳᠡᠭ ᠨᠢ ᠰᠢᠨ᠎ᠡ ᠵᠢ ᠡᠭᠦᠳᠬᠦ᠂ ᠡᠶ᠎ᠡ ᠵᠤᠬᠢᠴᠠᠯ ᠲᠠᠢ᠂ ᠪᠠᠶᠢᠭᠠᠯᠢᠯᠢᠬ᠂ ᠨᠡᠭᠡᠭᠡᠯᠲᠡ ᠲᠠᠢ᠂ ᠬᠠᠮᠲᠤᠪᠡᠷ ᠡᠳ᠋ᠯᠡᠬᠦ ᠰᠢᠨ᠎ᠡ ᠬᠦᠭᠵᠢᠯᠲᠡ ᠶᠢᠨ ᠤᠨᠤᠯ ᠢᠶᠡᠷ ᠵᠢᠯᠤᠭᠤᠳᠤᠯᠵᠦ᠂ ᠪᠠᠶᠢᠭᠠᠯᠢᠯᠢᠬ ᠬᠦᠭᠵᠢᠯᠲᠡ ᠶᠢᠨ ᠠᠷᠭ᠎ᠠ ᠪᠤᠯᠤᠨ ᠠᠮᠢᠳᠤᠷᠠᠯ ᠤᠨ ᠬᠡᠯᠪᠡᠷᠢ ᠵᠢ ᠪᠤᠢ ᠪᠤᠯᠭᠠᠬᠤ ᠵᠢ ᠠᠬᠢᠭᠤᠯᠤᠨ᠂ ᠬᠠᠳᠠᠭᠤ ᠪᠡᠶᠡᠲᠤ ᠬᠠᠶᠠᠬᠳᠠᠮᠠᠯ ᠪᠤᠳᠠᠰ ᠤᠨ ᠡᠬᠢ ᠵᠢ ᠪᠠᠭᠠᠰᠬᠠᠬᠤ ᠬᠢᠭᠡᠳ ᠡᠭᠢ ᠪᠠᠶᠠᠯᠢᠬᠵᠢᠭᠤᠯᠤᠨ ᠠᠰᠢᠬᠯᠠᠬᠤ ᠵᠢ ᠤᠯᠠᠮ ᠰᠠᠢᠲᠤᠷ ᠬᠢᠵᠦ᠂ ᠬᠠᠶᠠᠬᠳᠠᠮᠠᠯ ᠪᠤᠳᠠᠰ ᠪᠤᠯᠠᠬᠤ ᠵᠢ ᠬᠠᠮᠤᠬ ᠤᠨ ᠶᠡᠬᠡ ᠬᠡᠮᠵᠢᠶ᠎ᠡ ᠪᠡᠷ ᠪᠠᠭᠠᠰᠬᠠᠨ᠂ ᠬᠠᠳᠠᠭᠤ ᠪᠡᠶᠡᠲᠤ ᠬᠠᠶᠠᠬᠳᠠᠮᠠᠯ ᠪᠤᠳᠠᠰ ᠤᠨ ᠪᠠᠶᠢᠭᠠᠯᠢ ᠤᠷᠴᠢᠨ ᠲᠣᠭᠤᠷᠢᠨ ᠳᠤ ᠦᠵᠡᠭᠦᠯᠬᠦ ᠰᠦᠷᠭᠡᠦ ᠨᠦᠯᠦᠭᠡᠯᠡᠯ ᠢ ᠬᠠᠮᠤᠬ ᠤᠨ ᠪᠠᠭ᠎ᠠ ᠪᠤᠯᠭᠠᠬᠤ ᠬᠤᠲᠠ ᠶᠢᠨ ᠬᠦᠭᠵᠢᠯᠲᠡ ᠶᠢᠨ ᠬᠡᠯᠪᠡᠷᠢ ᠵᠢ ᠵᠢᠭᠠᠵᠤ ᠪᠣᠢ᠃ ᠮᠦᠨ ᠴᠤ ᠲᠡᠷᠢᠭᠦᠨ ᠤ ᠬᠤᠲᠠ ᠶᠢᠨ ᠬᠠᠮᠢᠶᠠᠷᠤᠯᠲᠠ ᠶᠢᠨ ᠤᠨᠤᠯ ᠪᠤᠯᠤᠨ᠎ᠠ᠃
2019 ᠤᠨ ᠤ 1 ᠳ᠋ᠦ᠋ᠭᠡᠷ ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 《〈ᠬᠠᠶᠠᠬᠳᠠᠮᠠᠯ ᠪᠤᠳᠠᠰ ᠦᠭᠡᠢ ᠬᠤᠲᠠ 〉 ᠵᠢᠨ ᠲᠤᠷᠰᠢᠯᠲᠠ ᠶᠢᠨ ᠴᠢᠬ ᠢ ᠪᠠᠶᠢᠭᠤᠯᠬᠤ ᠠᠵᠢᠯ ᠤᠨ ᠲᠦᠰᠦᠯ》 ᠢ ᠬᠡᠪᠯᠡᠨ ᠲᠠᠷᠬᠠᠭᠠᠵᠠᠢ᠃ 4 ᠳ᠋ᠦ᠋ᠭᠡᠷ ᠰᠠᠷ᠎ᠠ ᠶᠢᠨ 29 ᠤ ᠡᠳᠦᠷ ᠤᠯᠤᠰ ᠤᠨ ᠪᠠᠶᠢᠭᠠᠯᠢ ᠤᠷᠴᠢᠨ ᠢ ᠬᠠᠮᠠᠭᠠᠯᠠᠯᠲᠠ ᠶᠢᠨ ᠶᠠᠮᠤᠨ ᠡᠴᠡ 11ᠲᠤᠷᠰᠢᠯᠲᠠ ᠶᠢᠨ ᠴᠢᠬ ᠢ ᠵᠠᠷᠯᠠᠬᠰᠠᠨ ᠪᠠᠶᠢᠨ᠎ᠠ᠃