ᠵᠤᠬᠢᠶᠠᠭᠴᠢ:
ᠴᠠᠭ:2019-06-06
ᠥᠵᠡᠭᠰᠡᠨ : ℃
ᠢᠷᠡᠯᠲᠡ:
ᠬᠦᠬᠡᠬᠤᠲᠠ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠵᠦᠢᠯ ᠦᠨ ᠲᠠᠮᠡᠴᠡᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠨ ᠡᠬᠢᠯᠡᠭᠦᠯᠪᠡ
ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠵᠦᠢᠯ ᠦᠨ ᠲᠡᠮᠡᠴᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠳᠤ ᠰᠠᠶᠢᠨ ᠰᠠᠶᠢᠬᠠᠨ ᠨᠡᠶᠢᠬᠡᠮ ᠤᠨ ᠤᠷᠴᠢᠨ ᠲᠣᠭᠤᠷᠢᠨ ᠢ ᠪᠣᠢ ᠪᠣᠯᠭᠠᠬᠤ ᠶᠢᠨ ᠲᠤᠰᠠᠳᠠ᠂ 6 ᠳ᠋ᠤᠭᠠᠷ ᠰᠠᠷ᠎ᠠ ᠶᠢᠨ 2 ᠤᠨ ᠡᠳᠦᠷ᠂ ᠬᠦᠬᠡᠬᠤᠳᠠ 《ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠵᠤ ᠠᠮᠤᠷ ᠠᠮᠤᠭᠤᠯᠠᠩ ᠤᠷᠤᠨ ᠤ ᠲᠦᠪ ᠬᠤᠳᠠ ᠶᠢ ᠬᠠᠮᠳᠤᠪᠡᠷ ᠪᠠᠶᠢᠭᠤᠯᠬᠤ》 ᠪᠠᠷ ᠭᠤᠣᠯ ᠰᠡᠳᠦᠪ ᠪᠣᠯᠭᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠵᠦᠢᠯ ᠦᠨ ᠲᠡᠮᠡᠴᠡᠯ ᠤᠨ ᠤᠬᠠᠭᠤᠯᠭ᠎ᠠ ᠶᠢᠨ ᠭᠠᠷᠠᠬ ᠤᠨ ᠠᠵᠢᠯᠯᠠᠭ᠎ᠠ ᠪᠠᠨ ᠡᠬᠢᠯᠡᠬᠦᠯᠪᠡ᠃
ᠣᠶᠢᠯᠭᠠᠭᠰᠠᠨ ᠢᠶᠠᠷ᠂ ᠲᠤᠰ ᠤᠳᠠᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦ ᠬᠤᠳᠠ ᠶᠢᠨ 9 ᠬᠤᠰᠢᠭᠤ ᠰᠢᠶᠠᠨ ᠲᠤᠭᠤᠷᠢᠬ ᠪᠠ ᠠᠵᠤ ᠠᠬᠤᠢ ᠮᠡᠷᠭᠡᠵᠢᠯ ᠤᠨ ᠨᠡᠬᠡᠬᠡᠯᠳᠡ ᠶᠢᠨ ᠲᠤᠭᠤᠷᠢᠬ ᠨᠢ ᠳᠣᠰ ᠳᠣᠰ ᠦᠪᠡᠷᠮᠢᠴᠡ ᠣᠨᠴᠠᠯᠢᠭ ᠲᠠᠢ ᠠᠵᠢᠯᠯᠠᠭ᠎ᠠ ᠦᠷᠨᠢᠭᠦᠯᠵᠦ᠂ ᠵᠡᠬᠡᠯᠢ ᠭᠤᠳᠤᠮᠵᠢ ᠨᠡᠶᠢᠬᠡᠮ ᠲᠤᠭᠤᠷᠢᠬ᠂ ᠰᠢᠶᠠᠩ ᠪᠠᠯᠭᠠᠰᠤ ᠲᠤᠰᠬᠤᠨ ᠲᠡᠰᠢ ᠦᠷᠭᠡᠳᠭᠡᠵᠦ᠂ ᠲᠦᠮᠡᠨ ᠬᠦᠮᠦᠨ ᠭᠠᠷ ᠤᠨ ᠦᠰᠦᠭ ᠵᠢᠷᠤᠬᠤ᠂ ᠠᠮᠵᠢᠯᠳᠠ ᠪᠦᠲᠦᠮᠵᠢ ᠶᠢᠨ ᠦᠵᠡᠭᠦᠯᠭᠡ ᠭᠠᠷᠭᠠᠬᠤ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠬᠡᠷᠡᠭ ᠤᠨ ᠵᠢᠱᠢᠶ᠎ᠡ ᠶᠢᠨ ᠵᠠᠳᠠᠯᠤᠯᠳᠠ ᠬᠢᠬᠦ ᠵᠡᠷᠬᠡ ᠠᠭᠤᠯᠭ᠎ᠠ ᠪᠠᠷ ᠶᠠᠪᠤᠭᠳᠠᠭᠤᠯᠬᠤ ᠪᠣᠯᠣᠨ᠎ᠠ᠃