ᠵᠤᠬᠢᠶᠠᠭᠴᠢ:
ᠴᠠᠭ:2019-04-15
ᠥᠵᠡᠭᠰᠡᠨ : ℃
ᠢᠷᠡᠯᠲᠡ:
ᠥᠪᠥᠷ ᠮᠣᠩᠭᠤᠯ ᠤᠨ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠲᠤᠬᠠᠢ ᠶᠢᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ
2019 4 ᠳ᠋ᠦ᠋ᠭᠡᠷ ᠰᠠᠷ᠎ᠠ ᠶᠢᠨ 12 ᠡᠳᠦᠷ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠠᠵᠢᠯ ᠤᠨ ᠲᠤᠬᠠᠢ ᠶᠢᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ᠃

ᠬᠤᠷᠠᠯ ᠠᠴᠠ ᠱᠠᠭᠠᠷᠳᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠵᠤ᠂ ᠡᠮ ᠡᠮᠨᠡᠯᠭᠡ ᠶᠢᠨ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠰᠢᠪᠲᠦᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠦᠯᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠂ ᠡᠮ ᠡᠮᠨᠡᠯᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠨᠠᠭᠰᠢᠳᠠ ᠴᠢᠩᠭᠠᠳᠬᠠᠵᠤ᠂ ᠲᠥᠪ ᠤᠨ ᠲᠣᠭᠤᠷᠢᠨ ᠪᠠᠶᠢᠴᠠᠭᠠᠯᠲᠠ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠨᠠᠩ ᠣᠨᠣᠪᠴᠢᠲᠠᠢ ᠪᠠᠷ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠶᠢᠯ ᠤᠨ ᠣᠨᠤᠪᠴᠢᠲᠠᠢ ᠪᠠᠷ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃
ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠮᠡᠬᠡᠯᠡᠨ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ︔ ᠰᠢᠨ᠎ᠡ ᠪᠠᠶᠢᠳᠠᠯ ᠳᠤ ᠰᠠᠭᠤᠷᠢᠯᠠᠨ᠂ ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠪᠠᠬᠢᠵᠢᠭᠦᠯᠦᠨ ᠪᠦᠷᠢᠨᠰᠢᠭᠦᠯᠵᠤ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠡᠮᠬᠢᠯᠡᠨ ᠨᠡᠶᠢᠯᠡᠭᠦᠯᠵᠦ ᠪᠦᠷᠢᠨᠰᠢᠭᠦᠯᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠬᠦᠨᠳᠦ ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠲᠤᠰᠠᠯᠠᠬᠤ ᠳᠦᠷᠢᠮ ᠢ ᠪᠦᠷᠢᠨᠰᠢᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠢ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ︔ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠷᠰᠢᠯᠲᠠ ᠶᠢᠨ ᠠᠵᠢᠯ ᠢ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠥᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠰᠢᠯᠢᠳᠡᠭ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠬᠡᠷᠡᠭᠲᠡᠶ ᠭᠡᠵᠡᠢ᠃
ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ ᠶᠡᠭᠡ ᠲᠢᠩᠬᠢᠮ ᠪᠣᠯᠤᠨ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ ᠲᠣᠭᠤᠷᠢᠨ ᠦᠵᠡᠪᠡ᠃