ᠵᠤᠬᠢᠶᠠᠭᠴᠢ:
ᠴᠠᠭ:2019-04-10
ᠥᠵᠡᠭᠰᠡᠨ :27 ℃
ᠢᠷᠡᠯᠲᠡ:
ᠥᠪᠥᠷ ᠮᠣᠩᠭᠤᠯ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠤᠰᠬᠠᠶ ᠠᠵᠢᠯᠯᠠᠭ᠎ᠠ ᠦᠷᠨᠢᠭᠦᠯᠵᠦ ᠪᠤᠢ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠥᠪᠥᠷ ᠮᠣᠩᠭᠤᠯ ᠤᠨ ᠡᠯ᠎ᠡ ᠲᠣᠮᠣ ᠨᠠᠭᠤᠷ ᠴᠥᠭᠦᠷᠥᠮ᠂ ᠨᠤᠭᠤ ᠭᠠᠵᠠᠷ ᠲᠤ ᠨᠡᠭᠦᠳᠡᠯ ᠤᠨ ᠰᠢᠪᠠᠭᠤ ᠦᠯᠡᠮᠵᠢ ᠣᠯᠠᠨ ᠢᠷᠡᠪᠡ᠂ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠣᠶᠢᠷ᠎ᠠ ᠳᠤ ᠨᠡᠭᠦᠳᠡᠯ ᠤᠨ ᠰᠢᠪᠠᠭᠤ ᠶᠢ ᠬᠠᠮᠠᠭᠠᠯᠠᠬᠤ 3 ᠰᠠᠷ᠎ᠠ ᠰᠢᠬᠠᠮ ᠬᠤᠭᠤᠴᠠᠭ᠎ᠠ ᠲᠠᠢ ᠲᠤᠰᠬᠠᠶ ᠠᠵᠢᠯᠯᠠᠭ᠎ᠠ ᠶᠢ ᠡᠬᠢᠯᠡᠭᠦᠯᠪᠡ᠃
ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠨᠢ ᠣᠢ ᠰᠢᠭᠤᠶ ᠬᠠᠮᠠᠭᠠᠯᠠᠭᠴᠢᠳ ᠯᠤᠭ᠎ᠠ ᠨᠢᠭᠲᠠ ᠬᠠᠮᠵᠢᠯᠴᠠᠵᠤ᠂ ᠨᠡᠭᠦᠳᠡᠯ ᠤᠨ ᠰᠢᠪᠠᠭᠤ ᠶᠢᠨ ᠨᠢᠰᠬᠦ ᠠᠮᠠᠷᠠᠬᠤ ᠭᠠᠵᠠᠷ ᠪᠠ ᠥᠩᠭᠡᠷᠡᠬᠦ ᠵᠠᠮ ᠢ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠭᠤᠤᠯᠳᠠᠯᠭ᠎ᠠ ᠲᠠᠢ ᠴᠢᠩᠭᠠᠳᠬᠠᠵᠤ᠂ ᠴᠠᠭᠳᠠᠭᠠᠨ ᠤ ᠬᠦᠴᠦᠨ ᠬᠦᠷᠴᠦ ᠳᠡᠶᠢᠯᠬᠦ ᠥᠬᠡᠶ ᠭᠠᠵᠠᠷ ᠣᠷᠣᠨ ᠳᠤ ᠴᠠᠭᠳᠠᠭᠠᠨ ᠤ ᠵᠢᠯᠣᠭᠤᠴᠢ ᠥᠬᠡᠶ ᠠᠭᠠᠷ ᠤᠨ ᠨᠢᠰᠦᠭᠦᠷ ᠢ ᠠᠰᠢᠭᠯᠠᠨ ᠬᠢᠨᠠᠨ ᠬᠡᠮᠵᠢᠵᠡᠢ᠃ ᠲᠡᠳᠡᠨᠡᠷ ᠪᠠᠰᠠ ᠡᠯ᠎ᠡ ᠡᠲᠡᠭᠡᠳ ᠤᠨ ᠬᠥᠮᠦᠰ ᠢ ᠳᠠᠶᠢᠴᠢᠯᠠᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠠᠢ ᠬᠠᠮᠵᠢᠯᠴᠠᠨ ᠰᠢᠪᠠᠭᠤᠨ ᠤ ᠲᠣᠣᠷ᠂ ᠨᠠᠭᠠᠯᠳᠤᠮᠠᠬᠠᠶ ᠲᠣᠣᠷ᠂ ᠠᠪᠠ ᠶᠢᠨ ᠬᠠᠪᠴᠢᠭᠤᠷ ᠵᠡᠷᠭᠡ ᠠᠩᠨᠠᠬᠤ ᠪᠠᠭᠠᠵᠢ ᠶᠢ ᠴᠠᠭ ᠲᠤᠬᠠᠶ ᠳᠤ ᠨᠢ ᠴᠡᠪᠡᠷᠯᠡᠨ ᠠᠷᠢᠯᠭᠠᠵᠤ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠬᠦᠳᠡᠯᠭᠡᠭᠡᠨ ᠤ ᠣᠷᠣᠨ ᠢ ᠵᠣᠷᠢᠭᠤᠳᠠ ᠬᠠᠷᠰᠢᠯᠠᠬᠤ ᠶᠢ ᠬᠤᠷᠢᠭᠯᠠᠨ ᠵᠣᠭᠰᠣᠭᠠᠪᠠ᠃
ᠡᠨᠡ ᠬᠠᠪᠤᠷ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠨᠲᠡ ᠴᠠᠭᠳᠠᠭᠠᠨ ᠤ ᠬᠦᠴᠦᠨ ᠢ 2000 ᠭᠠᠷᠤᠶ ᠬᠥᠮᠥᠨ ᠤᠳᠠᠭ᠎ᠠ ᠭᠠᠷᠭᠠᠵᠤ᠂ 600 ᠭᠠᠷᠤᠶ ᠲᠡᠷᠭᠡ ᠬᠦᠳᠡᠯᠭᠡᠨ᠂ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠵᠠᠮ᠂ ᠢᠳᠡᠰᠢ ᠡᠷᠢᠬᠦ᠂ ᠦᠷᠡᠵᠢᠬᠦ ᠣᠷᠣᠨ ᠪᠦᠰᠡ ᠪᠣᠯᠬᠤ 200 ᠲᠠᠯᠠᠪᠤᠷ ᠭᠠᠵᠠᠷ ᠢ ᠲᠣᠭᠤᠷᠢᠨ ᠪᠠᠶᠢᠴᠠᠭᠠᠵᠤ᠂ ᠬᠡᠳᠦᠨ ᠵᠠᠭᠤᠨ ᠺᠢᠯᠣᠭ᠍ᠷᠠᠮ ᠲᠡᠵᠢᠭᠡᠯ ᠪᠣᠷᠳᠤᠭ᠎ᠠ ᠲᠠᠯᠪᠢᠵᠤ᠂ ᠪᠠᠭᠤᠳᠠᠯ᠂ ᠵᠣᠴᠢᠳ ᠤᠨ ᠪᠠᠭᠤᠳᠠᠯ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠰᠢᠪᠠᠭᠤᠨ ᠤ ᠲᠥᠷᠥᠯ ᠤᠨ ᠵᠠᠬ᠎ᠠ ᠳᠡᠯᠭᠡᠭᠦᠷ ᠵᠡᠷᠭᠡ 100 ᠲᠠᠯᠠᠪᠤᠷ ᠭᠠᠵᠠᠷ ᠢ ᠴᠡᠪᠡᠷᠯᠡᠨ ᠴᠡᠭᠴᠡᠯᠡᠪᠡ᠃