ᠵᠤᠬᠢᠶᠠᠭᠴᠢ:
ᠴᠠᠭ:2020-12-29
ᠥᠵᠡᠭᠰᠡᠨ : ℃
ᠢᠷᠡᠯᠲᠡ:
ᠦᠪᠦᠷ ᠮᠤᠩᠭᠤᠯ ᠮᠠᠨ ᠤ ᠤᠯᠤᠰ ᠤᠨ ᠬᠠᠮᠤᠬ ᠤᠨ ᠲᠤᠮᠤ ᠰᠢᠨ᠎ᠠ ᠡᠨᠧᠷᠬᠢ ᠶᠢᠨ ᠰᠠᠭᠤᠷᠢᠨ
ᠨᠠᠷᠠ ᠰᠠᠯᠬᠢᠨ ᠤ ᠡᠬᠢ ᠪᠠᠶᠠᠯᠢᠬ ᠡᠯᠪᠡᠭ ᠮᠠᠨ ᠤ ᠤᠷᠤᠨ ᠤ 70 ᠦᠨᠳᠦᠷᠴᠡ ᠳᠠᠬᠢ ᠰᠠᠯᠬᠢᠨ ᠡᠨᠧᠷᠬᠢ ᠶᠢᠨ ᠡᠬᠢ ᠪᠠᠶᠠᠯᠢᠬ ᠤᠨ ᠬᠡᠮᠵᠢᠶ᠎ᠠ 15 ᠳ᠋ᠦᠩᠰᠢᠭᠤᠷ ᠺᠢᠯᠤᠸᠠᠲ ᠤᠷᠴᠢᠮ ᠪᠠᠶᠢᠵᠦ᠂ ᠰᠠᠯᠬᠢᠨ ᠡᠨᠧᠷᠬᠢ ᠶᠢᠨ ᠡᠬᠢ ᠪᠠᠶᠠᠯᠢᠬ ᠤᠨ ᠨᠦᠬᠦᠴᠡᠯ ᠢᠶᠠᠷ ᠪᠦᠬᠦ ᠤᠯᠤᠰ ᠲᠤ ᠲᠦᠷᠦᠬᠦᠯᠡᠵᠦ ᠪᠠᠶᠢᠳᠠᠬ᠃ ᠮᠠᠨ ᠤ ᠤᠷᠤᠨ ᠪᠤᠯ ᠪᠦᠬᠦ ᠤᠯᠤᠰ ᠤᠨ ᠨᠠᠷᠠᠨ ᠤ ᠡᠨᠧᠷᠬᠢ ᠶᠢᠨ ᠡᠬᠢ ᠪᠠᠶᠠᠯᠢᠬ ᠢᠶᠠᠷ ᠬᠠᠮᠤᠬ ᠤᠨ ᠡᠯᠪᠡᠭ ᠤᠷᠤᠨ ᠪᠦᠰᠡ ᠶᠢᠨ ᠨᠢᠬᠡ ᠪᠠᠶᠢᠵᠦ᠂ ᠮᠠᠨ ᠤ ᠤᠷᠤᠨ ᠤ ᠨᠠᠷᠠᠨ ᠤ ᠡᠨᠧᠷᠬᠢ ᠡᠯᠪᠡᠭ ᠪᠠ ᠨᠡᠯᠢᠶᠡᠳ ᠡᠯᠪᠡᠭ ᠭᠠᠵᠠᠷ ᠤᠷᠤᠨ ᠤ ᠲᠠᠯᠠᠪᠠᠢ ᠪᠦᠬᠦ ᠤᠷᠤᠨ ᠤ ᠶᠡᠷᠦᠩᠬᠡᠢ ᠲᠠᠯᠠᠪᠠᠢ ᠶᠢᠨ 61% ᠶᠢ ᠡᠵᠡᠯᠡᠵᠦ᠂ ᠪᠦᠬᠦ ᠤᠯᠤᠰ ᠲᠤ ᠲᠦᠷᠦᠬᠦᠯᠡᠵᠦ ᠪᠠᠶᠢᠳᠠᠬ᠃ ᠮᠠᠰᠢᠨ ᠴᠤᠬᠴᠠᠯᠠᠪᠤᠷᠢ ᠶᠢᠨ ᠬᠡᠪᠴᠢᠶ᠎ᠠ ᠶᠡᠭᠡ ᠮᠠᠨ ᠤ ᠤᠷᠤᠨ ᠤ ᠰᠢᠨ᠎ᠠ ᠡᠨᠧᠷᠬᠢ ᠶᠢᠨ ᠮᠠᠰᠢᠨ ᠴᠤᠬᠴᠠᠯᠠᠪᠤᠷᠢ 5000 ᠲᠦᠮᠡᠨ ᠺᠢᠯᠤᠸᠠᠲ ᠲᠤ ᠬᠦᠷᠴᠤ᠂ ᠪᠦᠬᠦ ᠤᠷᠤᠨ ᠤ ᠴᠠᠬᠢᠯᠭᠠᠨ ᠬᠦᠴᠦᠨ ᠤ ᠮᠠᠰᠢᠨ ᠴᠤᠬᠴᠠᠯᠠᠪᠤᠷᠢ ᠶᠢᠨ 1/3 ᠪᠠ ᠪᠦᠬᠦ ᠨᠡᠶᠢᠬᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠠᠨ ᠤ 1/5 ᠰᠢᠨ᠎ᠠ ᠡᠨᠧᠷᠬᠢ ᠠᠴᠠ ᠢᠷᠡᠯᠳᠡ ᠲᠠᠢ᠃ 2020 ᠤᠨ ᠤ 11 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠤᠷᠤᠨ ᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ 3097 ᠲᠦᠮᠡᠨ ᠺᠢᠯᠤᠸᠠᠲ ᠲᠤ ᠬᠦᠷᠴᠤ᠂ ᠦᠷᠬᠦᠯᠵᠢᠯᠡᠨ ᠪᠦᠬᠦ ᠤᠯᠤᠰ ᠲᠤ ᠲᠦᠷᠦᠬᠦᠯᠡᠪᠡ᠃ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ 1168 ᠲᠦᠮᠡᠨ ᠺᠢᠯᠤᠸᠠᠲ ᠲᠤ ᠬᠦᠷᠴᠤ᠂ ᠮᠠᠨ ᠤ ᠤᠷᠤᠨ ᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠪᠠ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠶᠢᠨ ᠶᠡᠷᠦᠩᠬᠡᠢ ᠬᠡᠮᠵᠢᠶ᠎ᠠ ᠪᠦᠬᠦ ᠤᠯᠤᠰ ᠤᠨ 9.3% ᠶᠢ ᠡᠵᠡᠯᠡᠵᠦ᠂ ᠪᠦᠬᠦ ᠤᠯᠤᠰ ᠲᠤ ᠮᠠᠰᠢᠨ ᠴᠤᠬᠴᠠᠯᠠᠪᠤᠷᠢ ᠶᠢᠨ ᠬᠡᠪᠴᠢᠶᠡᠵᠢᠯ ᠢᠶᠠᠷ ᠬᠠᠮᠤᠬ ᠤᠨ ᠶᠡᠭᠡ ᠪᠤᠯᠤᠬᠰᠠᠨ ᠪᠠᠶᠢᠨ᠎ᠠ᠃ ᠵᠢᠱᠢᠯᠳᠡ ᠪᠠᠷ᠂ 2020 ᠤᠨ ᠤ ᠵᠢᠯ ᠤᠨ ᠰᠡᠬᠦᠯᠴᠢ ᠪᠤᠯᠳᠠᠯ᠎ᠠ᠂ ᠪᠦᠬᠦ ᠤᠷᠤᠨ ᠤ ᠲᠠᠬᠢᠨ ᠡᠬᠦᠰᠴᠤ ᠪᠤᠯᠬᠤ ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ 5000 ᠲᠦᠮᠡᠨ ᠺᠢᠯᠤᠸᠠᠲ ᠲᠤ ᠬᠦᠷᠴᠤ᠂ ᠲᠠᠪᠤᠨ ᠵᠢᠯ ᠤᠨ ᠡᠮᠦᠨᠡᠬᠢ ᠠᠴᠠ 58.8% ᠪᠠᠷ ᠨᠡᠮᠡᠭᠳᠡᠨ᠂ ᠪᠦᠬᠦ ᠤᠯᠤᠰ ᠤᠨ 1/10 ᠶᠢ ᠪᠤᠯᠤᠨ᠎ᠠ᠃ ᠡᠬᠦᠨ ᠳᠤ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠰᠠᠨ ᠬᠡᠮᠵᠢᠶ᠎ᠠ 3500 ᠲᠦᠮᠡᠨ ᠺᠢᠯᠤᠸᠠᠲ᠂ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠰᠠᠨ ᠬᠡᠮᠵᠢᠶ᠎ᠠ 1230 ᠲᠦᠮᠡᠨ ᠺᠢᠯᠤᠸᠠᠲ᠂ ᠤᠰᠤᠨ ᠤ ᠬᠦᠴᠦ ᠪᠠᠷ ᠴᠠᠬᠢᠯᠭᠠᠨ ᠭᠠᠷᠭᠠᠬᠰᠠᠨ ᠬᠡᠮᠵᠢᠶ᠎ᠠ 238 ᠲᠦᠮᠡᠨ ᠺᠢᠯᠤᠸᠠᠲ᠂ ᠠᠮᠢᠳᠤ ᠪᠤᠳᠠᠰ ᠢᠶᠠᠷ ᠴᠠᠬᠢᠯᠭᠠᠨ ᠭᠠᠷᠭᠠᠬᠰᠠᠨ ᠬᠡᠮᠵᠢᠶ᠎ᠠ 32 ᠲᠦᠮᠡᠨ ᠺᠢᠯᠤᠸᠠᠲ ᠪᠠᠶᠢᠨ᠎ᠠ᠃ ᠰᠢᠨ᠎ᠠ ᠡᠨᠧᠷᠬᠢ ᠶᠢᠨ ᠠᠰᠢᠬᠯᠠᠯᠳᠠ ᠶᠢᠨ ᠳᠦᠪᠰᠢᠨ ᠦᠨᠳᠦᠷ 2020 ᠤᠨ ᠳᠤ᠂ ᠮᠠᠨ ᠤ ᠤᠷᠤᠨ ᠤ ᠰᠠᠯᠬᠢᠨ ᠬᠦᠴᠦ ᠪᠠᠷ ᠭᠠᠷᠭᠠᠬᠰᠠᠨ ᠴᠠᠬᠢᠯᠭᠠᠨ ᠤ ᠠᠰᠢᠬᠯᠠᠯᠳᠠ ᠶᠢᠨ ᠨᠤᠷᠮ᠎ᠠ 94% ᠳᠤ ᠬᠦᠷᠴᠦ᠂ ᠰᠠᠯᠬᠢᠨ ᠬᠦᠴᠦ ᠪᠠᠷ ᠭᠠᠷᠭᠠᠬᠰᠠᠨ ᠴᠠᠬᠢᠯᠭᠠᠨ ᠤ ᠵᠢᠯ ᠲᠤᠮᠳᠠᠴᠢ ᠠᠰᠢᠬᠯᠠᠯᠳᠠ ᠶᠢᠨ ᠴᠠᠬ ᠨᠢ 2410 ᠴᠠᠬ ᠲᠤ ᠬᠦᠷᠴᠤ᠂ ᠬᠡᠷᠡᠯᠴᠢ ᠴᠡᠨᠡᠭ ᠢᠶᠠᠷ ᠭᠠᠷᠭᠠᠬᠰᠠᠨ ᠴᠠᠬᠢᠯᠭᠠᠨ ᠤ ᠠᠰᠢᠬᠯᠠᠯᠳᠠ ᠶᠢᠨ ᠨᠤᠷᠮ᠎ᠠ 97.5% ᠳᠤ ᠬᠦᠷᠴᠤ᠂ ᠲᠠᠬᠢᠨ ᠡᠬᠦᠰᠴᠤ ᠪᠤᠯᠬᠤ ᠡᠨᠧᠷᠬᠢ ᠶᠢᠨ ᠠᠰᠢᠬᠯᠠᠯᠳᠠ ᠶᠢᠨ ᠲᠦᠪᠰᠢᠨ ᠢᠯᠡᠷᠬᠡᠢ ᠲᠡᠭᠡᠭᠰᠢᠯᠡᠭᠰᠡᠨ ᠪᠠᠶᠢᠨ᠎ᠠ᠃ 2020 ᠤᠨ ᠳᠤ᠂ ᠮᠠᠨ ᠤ ᠤᠷᠤᠨ ᠤ ᠲᠠᠬᠢᠨ ᠡᠬᠦᠰᠴᠤ ᠪᠤᠯᠬᠤ ᠡᠨᠧᠷᠬᠢ ᠶᠢᠨ ᠬᠡᠷᠡᠭᠯᠡᠯᠳᠡ ᠶᠢᠨ ᠬᠠᠷᠢᠴᠠᠯ ᠨᠢ 18.2% ᠲᠤ ᠬᠦᠷᠴᠤ᠂ ᠤᠰᠤᠨ ᠤ ᠪᠤᠰᠤ ᠲᠠᠬᠢᠨ ᠡᠬᠦᠰᠴᠤ ᠪᠤᠯᠬᠤ ᠡᠨᠧᠷᠬᠢ ᠶᠢᠨ ᠴᠠᠬᠢᠯᠭᠠᠨ ᠬᠦᠴᠦᠨ ᠤ ᠬᠡᠷᠡᠭᠯᠡᠯᠳᠡ ᠶᠢᠨ ᠬᠠᠷᠢᠴᠠᠯ 17% ᠳᠤ ᠬᠦᠷᠴᠤ᠂ ᠪᠦᠬᠦ ᠤᠯᠤᠰ ᠤᠨ ᠡᠮᠦᠨᠡᠬᠦᠷ ᠤᠷᠤᠬᠰᠠᠨ ᠪᠠᠶᠢᠨ᠎ᠠ᠃ ᠵᠠᠩᠬᠢᠯᠠᠭ᠎ᠠ ᠶᠢᠨ ᠦᠢᠯᠡᠳᠦᠯ ᠦᠵᠡᠬᠦᠯᠦᠭᠰᠡᠨ ᠲᠦᠷᠦᠯ ᠵᠦᠢᠯ ᠮᠠᠨ ᠤ ᠤᠷᠤᠨ ᠤᠷᠢᠳ ᠬᠤᠵᠢᠳ ᠰᠢᠯᠢ ᠶᠢᠨ ᠭᠤᠤᠯ ᠠᠶᠢᠮᠠᠬ ᠤᠨ 700 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠢ ᠭᠠᠳᠠᠬᠰᠢ ᠬᠦᠷᠬᠡᠬᠦ ᠰᠠᠭᠤᠷᠢᠨ᠂ ᠱᠠᠩᠬᠤ ᠶᠢᠨ ᠰᠦᠮ᠎ᠠ — ᠱᠠᠨᠳᠦ᠋ᠩ ᠬᠦᠷᠬᠦ ᠤᠨᠴᠠ ᠦᠨᠳᠦᠷ ᠬᠦᠴᠦᠳᠡᠯᠳᠤ ᠴᠠᠬᠢᠯᠭᠠᠨ ᠬᠦᠷᠬᠡᠬᠦ ᠱᠤᠭᠤᠮ ᠳᠤ ᠢᠵᠢ ᠪᠦᠷᠢᠳᠦᠬᠦᠯᠦᠭᠰᠡᠨ 400 ᠲᠦᠮᠡᠨ ᠺᠢᠯᠤᠸᠠᠲ ᠤᠨ ᠰᠢᠨ᠎ᠠ ᠡᠨᠧᠷᠬᠢ ᠶᠢᠨ ᠰᠠᠭᠤᠷᠢᠨ᠂ ᠵᠠᠷᠤᠳ — ᠱᠠᠨᠳᠦ᠋ᠩ ᠬᠦᠷᠬᠦ ᠤᠨᠴᠠ ᠦᠨᠳᠦᠷ ᠬᠦᠴᠦᠳᠡᠯᠳᠤ ᠴᠠᠬᠢᠯᠭᠠᠨ ᠬᠦᠷᠬᠡᠬᠦ ᠱᠤᠭᠤᠮ ᠳᠤ ᠢᠵᠢ ᠪᠦᠷᠢᠳᠦᠬᠦᠯᠦᠭᠰᠡᠨ 400 ᠲᠦᠮᠡᠨ ᠺᠢᠯᠤᠸᠠᠲ ᠤᠨ ᠰᠢᠨ᠎ᠠ ᠡᠨᠧᠷᠬᠢ ᠶᠢᠨ ᠰᠠᠭᠤᠷᠢᠨ᠂ ᠤᠯᠠᠭᠠᠨᠬᠠᠳᠠ ᠶᠢᠨ ᡁᠢ ᠷᠦᠢ ᠶᠢᠨ 120 ᠲᠦᠮᠡᠨ ᠺᠢᠯᠤᠸᠠᠲ ᠤᠨ ᠤᠰᠤᠨ ᠤ ᠡᠨᠧᠷᠬᠢ ᠶᠢᠨ ᠲᠦᠷᠦᠯ ᠵᠦᠢᠯ᠂ ᠤᠯᠠᠭᠠᠨᠴᠠᠪ ᠤᠨ 600 ᠲᠦᠮᠡᠨ ᠺᠢᠯᠤᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠵᠡᠷᠬᠡ ᠨᠢᠬᠡ ᠪᠦᠯᠦᠭ ᠲᠠᠬᠢᠨ ᠡᠬᠦᠰᠴᠤ ᠪᠤᠯᠬᠤ ᠡᠨᠧᠷᠬᠢ ᠶᠢᠨ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠯᠠᠪᠳᠠᠭᠤᠨ ᠪᠠᠳᠤᠳᠠᠢ ᠠᠬᠢᠭᠤᠯᠵᠦ᠂ ᠡᠳᠡᠬᠡᠷ ᠲᠦᠷᠦᠯ ᠵᠦᠢᠯ ᠤᠳ ᠨᠢ ᠪᠦᠬᠦ ᠤᠷᠤᠨ ᠤ ᠡᠨᠧᠷᠬᠢ ᠶᠢᠨ ᠬᠦᠷᠢᠶ᠎ᠠ ᠴᠠᠷᠠᠭ᠎ᠠ ᠳᠠᠬᠢ ᠪᠡᠯᠡ ᠤᠷᠤᠭᠤᠯᠤᠯᠳᠠ ᠪᠠ ᠬᠦᠭᠵᠢᠯᠳᠡ ᠶᠢ ᠠᠬᠢᠭᠤᠯᠬᠤ ᠳᠤ ᠵᠠᠩᠬᠢᠯᠠᠭ᠎ᠠ ᠶᠢᠨ ᠦᠢᠯᠡᠳᠦᠯ ᠦᠵᠡᠬᠦᠯᠦᠭᠰᠡᠨ ᠪᠠᠶᠢᠨ᠎ᠠ᠃