ᠵᠤᠬᠢᠶᠠᠭᠴᠢ: ᠴᠠᠭ:2021-12-17 ᠥᠵᠡᠭᠰᠡᠨ : ᠢᠷᠡᠯᠲᠡ: ᠢᠷᠡᠯᠲᠡ᠄ ᠥᠪᠥᠷ ᠮᠣᠩᠭᠤᠯ ᠤᠨ     ᠵᠠᠰᠠᠭ ᠤᠨ ᠣᠷᠳᠣᠨ  
ᠠᠯᠠᠱᠠ ᠠᠶᠢᠮᠠᠭ ᠲᠠᠪᠤᠨ ᠵᠦᠢᠯ ᠤᠨ ᠠᠷᠭ᠎ᠠ ᠬᠡᠮᠵᠢᠶ᠎ᠡ ᠠᠪᠴᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠳᠤ ᠬᠦᠴᠦᠨ ᠨᠡᠮᠡᠷᠢᠯᠡᠪᠡ

 

ᠠᠯᠠᠱᠠ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ 《ᠤᠢᠢᠷ᠎ᠠ ᠬᠠᠪᠢ ᠳᠤ ᠨᠢ ᠠᠵᠢᠯ ᠣᠯᠭᠤᠬᠤ᠂ ᠲᠤᠬᠠᠢ ᠶᠢᠨ ᠭᠠᠵᠠᠷ ᠲᠤ ᠨᠢ ᠠᠵᠢᠯ ᠣᠯᠭᠤᠬᠤ ᠪᠠ ᠰᠢᠯᠵᠢᠭᠦᠯᠦᠨ ᠠᠵᠢᠯ ᠣᠯᠭᠤᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠬᠤ》 ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠤᠤᠱᠯᠠᠭᠤᠯᠵᠤ᠂ ᠠᠵᠢᠯ ᠣᠯᠭᠤᠬᠤ ᠬᠠᠮᠵᠢᠯᠴᠠᠭ᠎ᠠ᠂ ᠠᠵᠢᠯ ᠣᠯᠭᠤᠬᠤ ᠲᠤᠰᠠᠯᠠᠮᠵᠢ᠂ ᠦᠢᠯᠡᠰ ᠪᠤᠰᠬᠠᠬᠤ ᠶᠢ ᠲᠡᠳᠬᠦᠬᠦ᠂ ᠠᠵᠤ ᠦᠢᠯᠡᠰ ᠢᠶᠠᠷ ᠲᠠᠶᠢᠴᠢᠯᠠᠬᠤ᠂ ᠣᠨᠣᠴᠠᠲᠠᠢ ᠪᠣᠯᠪᠠᠰᠤᠷᠠᠯ ᠬᠦᠷᠲᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠂ 1748 ᠡᠷᠦᠬᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠲᠤᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

ᠨᠢᠭᠡ᠂ ᠠᠵᠢᠯ ᠣᠯᠭᠤᠬᠤ ᠬᠠᠮᠵᠢᠯᠴᠠᠭ᠎ᠠ ᠶᠢ ᠴᠢᠩᠭᠠᠳᠬᠠᠪᠠ᠃ 《ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ》᠂ 《ᠠᠵᠢᠯᠲᠠᠨ ᠡᠯᠰᠡᠬᠦ ᠠᠵᠢᠯᠯᠠᠭ᠎ᠠ + ᠮᠡᠳᠡᠭᠡ ᠵᠠᠩᠭᠢ ᠬᠦᠷᠭᠡᠬᠦ》 ᠬᠡᠯᠪᠡᠷᠢ ᠪᠠᠷ 《ᠠᠵᠢᠯ ᠣᠯᠭᠤᠬᠤ ᠲᠤᠰᠠᠯᠠᠮᠵᠢ ᠶᠢᠨ ᠰᠠᠷ᠎ᠠ》《  ᠰᠠᠯᠬᠢ  ᠠᠵᠢᠯᠯᠠᠭ᠎ᠠ》《ᠠᠵᠤ ᠠᠬᠤᠶᠢᠯᠠᠯ ᠤᠨ ᠠᠵᠢᠯᠲᠠᠨ ᠡᠯᠰᠡᠬᠦ ᠭᠠᠷᠠᠭ》 ᠵᠡᠷᠭᠡ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ 41 ᠤᠳᠠᠭᠠᠨ ᠤ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠮᠢᠩᠭ᠎ᠠ ᠭᠠᠷᠤᠶ ᠠᠵᠤ ᠠᠬᠤᠶᠢᠯᠠᠯ ᠤᠨ 3.9 ᠲᠦᠮᠡ ᠭᠠᠷᠤᠶ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠲᠠᠨᠢᠯᠴᠠᠭᠤᠯᠪᠠ᠃ ᠬᠢᠵᠢᠭ ᠤᠨ ᠬᠤᠭᠤᠴᠠᠭᠠᠨ ᠳᠤ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠪᠠᠶᠢᠳᠠᠯ ᠤᠨ ᠳᠠᠪᠬᠤᠷ ᠠᠰᠢᠭ ᠥᠬᠡᠶ ᠪᠠᠶᠢᠳᠠᠯ ᠤᠨ ᠨᠥᠯᠥᠭᠡᠯᠡᠯ ᠳᠣᠤᠷ᠎ᠠ᠂ ᠭᠡᠷᠡᠯ ᠴᠡᠨᠡᠭ ᠢᠶᠠᠷ ᠶᠠᠳᠠᠭᠤ ᠶᠢ ᠳᠡᠳᠬᠦᠨ ᠠᠰᠢᠭ ᠬᠦᠷᠲᠡᠭᠡᠬᠦ ᠪᠠᠷ ᠳᠠᠮᠵᠢᠭᠤᠯᠤᠨ ᠭᠠᠴᠠᠭ᠎ᠠ ᠲᠣᠰᠬᠤᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠲᠣᠬᠢᠷᠠᠭᠤᠯᠵᠤ᠂ 81 ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠣᠶᠢᠷ᠎ᠠ ᠬᠠᠪᠢ ᠪᠠ ᠲᠤᠬᠠᠶ ᠶᠢᠨ ᠭᠠᠵᠠᠷ ᠲᠤ ᠨᠢ ᠲᠥᠪᠬᠢᠨᠡᠭᠦᠯᠵᠦ᠂ ᠨᠡᠶᠢᠲᠡ 218.7 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢᠨ ᠨᠥᠬᠦᠪᠥᠷᠢ ᠣᠯᠭᠤᠪᠠ᠃       

ᠬᠤᠶᠠᠷ᠂ ᠠᠵᠢᠯ ᠣᠯᠭᠤᠯᠲᠠ ᠶᠢᠨ ᠲᠤᠰᠠᠯᠠᠮᠵᠢ ᠶᠢ ᠴᠢᠩᠭᠠᠷᠠᠭᠤᠯᠪᠠ᠃ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠢ ᠠᠵᠢᠯ ᠤᠯᠬᠤ ᠳᠤ ᠬᠦᠴᠢᠷᠲᠡᠶ ᠬᠥᠮᠦᠰ ᠤᠨ ᠬᠡᠪᠴᠢᠶᠡᠨ ᠳᠤ ᠣᠷᠣᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠲᠣᠬᠢᠷᠠᠭᠤᠯᠬᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠬᠦ ᠵᠡᠷᠭᠡ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠠᠵᠢᠯ ᠦᠭᠡᠢ ᠪᠥᠭᠡᠳ ᠠᠵᠢᠯ ᠤᠯᠬᠤ ᠳᠤ ᠪᠡᠷᠬᠡᠲᠡᠶ ᠶᠠᠳᠠᠭᠤ ᠠᠴᠠ ᠠᠩᠭᠢᠵᠢᠷᠠᠭᠰᠠᠨ ᠬᠦᠮᠦᠰ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠰᠠᠭᠤᠷᠢ ᠶᠢ ᠪᠠᠲᠤᠯᠠᠬᠤ ᠬᠡᠯᠪᠡᠷᠢ ᠪᠠᠷ 201 ᠬᠥᠮᠥᠨ ᠢ ᠠᠵᠢᠯ ᠤᠨ ᠪᠠᠶᠢᠷᠢ ᠳᠤ ᠲᠣᠬᠢᠷᠠᠭᠤᠯᠵᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠳᠤ 107 ᠬᠥᠮᠦᠨ ᠢ ᠰᠢᠯᠵᠢᠭᠦᠯᠦᠨ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ 《ᠨᠢᠭᠡ ᠬᠥᠮᠦᠨ ᠠᠵᠢᠯ ᠣᠯᠪᠠᠯ ᠪᠦᠬᠦ ᠭᠡᠷ ᠢᠶᠠᠷ ᠢᠶᠠᠨ ᠰᠠᠨᠠᠭ᠎ᠠ ᠠᠮᠤᠷ ᠪᠠᠶᠢᠬᠤ》 ᠶᠢ ᠪᠡᠶᠡᠯᠡᠭᠦᠯᠪᠡ᠃       

ᠭᠤᠷᠪᠠ᠂ ᠠᠳᠠᠯ ᠦᠢᠯᠡᠰ ᠴᠣᠭᠴᠠᠯᠠᠬᠤ ᠳᠤ ᠲᠡᠳᠬᠦᠨ ᠳᠡᠮᠵᠢᠬᠦ ᠶᠢ ᠬᠡᠷᠡᠭᠵᠢᠭᠦᠯᠪᠡ᠃ 《ᠥᠪᠥᠷ ᠮᠣᠩᠭᠤᠯ ᠤᠨ ᠠᠳᠠᠯ ᠦᠢᠯᠡᠰ ᠴᠣᠭᠴᠠᠯᠠᠬᠤ ᠠᠵᠢᠯᠯᠠᠭ᠎ᠠ》  ᠶᠢᠨ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠯᠥᠭᠡᠯᠡᠯ ᠤᠨ ᠦᠢᠯᠡᠳᠦᠯ ᠢ ᠪᠠᠳᠠᠷᠠᠭᠤᠯᠪᠠ᠃ ᠠᠳᠠᠯ ᠦᠢᠯᠡᠰ ᠴᠣᠭᠴᠠᠯᠠᠬᠤ ᠬᠦᠰᠡᠯ ᠪᠣᠳᠣᠯ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠦᠨ᠎ᠡ ᠲᠥᠯᠥᠪᠦᠷᠢ ᠥᠬᠡᠶ ᠪᠠᠷ ᠠᠵᠢᠯ ᠡᠬᠢᠯᠡᠭᠦᠯᠬᠦ ᠵᠢᠯᠣᠭᠤᠳᠣᠯᠭ᠎ᠠ᠂ ᠲᠥᠷᠥᠯ ᠵᠦᠢᠯ ᠤᠨ ᠲᠠᠨᠢᠯᠴᠠᠭᠤᠯᠭ᠎ᠠ᠂ ᠲᠥᠷᠥ ᠶᠢᠨ ᠪᠣᠳᠣᠯᠭ᠎ᠠ ᠶᠢᠨ ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠵᠡᠷᠭᠡ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠭᠠᠴᠠᠭ᠎ᠠ ᠶᠢᠨ 《ᠨᠢᠭᠡ ᠲᠣᠰᠬᠤᠨ ᠳᠤ ᠨᠢᠭᠡ ᠲᠥᠷᠥᠯ ᠵᠦᠢᠯ ᠢ ᠬᠡᠷᠡᠭᠵᠢᠭᠦᠯᠬᠦ》 ᠤᠨᠴᠠᠯᠢᠭᠳᠤ ᠠᠵᠤ ᠦᠢᠯᠡᠰ ᠤᠨ ᠬᠥᠭᠵᠢᠯᠲᠡ ᠳᠤ ᠲᠦᠰᠢᠭᠯᠡᠨ᠂ ᠠᠳᠠᠯ ᠦᠢᠯᠡᠰ ᠴᠣᠭᠴᠠᠯᠠᠬᠤ ᠬᠦᠰᠡᠯ ᠲᠠᠢ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠳᠤ 5 — 20 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠡᠳᠬᠦᠮᠵᠢ ᠣᠯᠭᠤᠵᠤ᠂ ᠶᠠᠳᠠᠭᠤ ᠠᠴᠠ ᠠᠩᠭᠢᠵᠢᠷᠠᠭᠰᠠᠨ 81 ᠬᠥᠮᠥᠨ ᠤ ᠠᠳᠠᠯ ᠦᠢᠯᠡᠰ ᠴᠣᠭᠴᠠᠯᠠᠬᠤ ᠶᠠᠪᠤᠴᠠ ᠳᠠᠬᠢ ᠪᠠᠯᠠ ᠮᠥᠩᠭᠦ ᠬᠦᠷᠦᠯᠴᠡᠬᠦ ᠥᠬᠡᠶ  ᠠᠰᠠᠭᠤᠳᠠᠯ ᠢ  ᠰᠢᠢᠳᠪᠦᠷᠢᠯᠡᠨ᠂ ᠠᠳᠠᠯ ᠦᠢᠯᠡᠰ ᠴᠣᠭᠴᠠᠯᠠᠵᠤ ᠠᠮᠵᠢᠯᠲᠠ ᠤᠯᠬᠤ ᠢᠲᠡᠭᠡᠯ ᠵᠣᠷᠢᠭ ᠢ ᠨᠢ ᠬᠥᠪᠴᠢᠯᠡᠪᠡ᠃       

ᠳᠥᠷᠪᠡ᠂ ᠠᠵᠤ ᠦᠢᠯᠡᠰ ᠢᠶᠠᠷ ᠳᠠᠶᠢᠴᠢᠯᠠᠬᠤ ᠶᠢ ᠴᠢᠩᠭᠠᠷᠠᠭᠤᠯᠪᠠ᠃ ᠠᠯᠠᠱᠠ ᠪᠠᠷᠠᠭᠤᠨ ᠬᠤᠰᠢᠭᠤ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠵᠤ᠂ 《ᠰᠠᠭᠤᠷᠢ ᠦᠢᠯᠡᠴᠢᠯᠡᠭᠡᠨ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ᠂ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠦᠢᠯᠡᠴᠢᠯᠡᠭᠡᠨ᠂ ᠰᠢᠭᠤᠳ ᠣᠷᠣᠵᠤ ᠠᠵᠢᠯᠯᠠᠭᠤᠯᠬᠤ ᠦᠢᠯᠡᠴᠢᠯᠡᠭᠡᠨ᠂ ᠪᠠᠯᠠ ᠣᠷᠣᠭᠤᠯᠬᠤ ᠪᠠ ᠪᠠᠯᠠ ᠳᠣᠭᠢᠷᠠᠭᠤᠯᠬᠤ ᠦᠢᠯᠡᠴᠢᠯᠡᠭᠡᠨ᠂ ᠵᠠᠭᠤᠴᠢᠯᠠᠭᠤᠷ ᠤᠨ ᠦᠢᠯᠡᠴᠢᠯᠡᠭᠡᠨ》 ᠭᠡᠬᠦ 《ᠵᠢᠷᠭᠤᠭ᠎ᠠ ᠶᠢ ᠨᠢᠭᠡ ᠴᠣᠠᠠᠴᠠᠵᠢᠭᠤᠯᠥᠠᠠᠰᠠᠨ》 ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠣᠭᠲᠠᠯᠴᠠᠭ᠎ᠠ ᠵᠢᠴᠢ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠠᠯᠢ ᠣᠯᠠᠨ ᠬᠠᠷᠠᠭᠠᠯᠵᠠᠯᠲᠤ ᠲᠦᠬᠦᠷᠵᠢᠭᠦᠯᠦᠭᠰᠡᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ 《ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ》 ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠵᠢᠯ ᠣᠯᠭᠤᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠪᠠ᠃ ᠣᠲᠣ 76 ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠬᠦᠷᠢᠶᠡᠯᠡᠩ ᠳᠤ ᠣᠷᠣᠵᠤ᠂ 600 ᠭᠠᠷᠤᠶ ᠬᠥᠮᠦᠨ ᠤ ᠠᠵᠢᠯ ᠣᠯᠭᠤᠯᠲᠠ ᠶᠢ ᠳᠠᠶᠢᠴᠢᠯᠠᠵᠤ᠂ ᠡᠭᠦᠨ ᠳᠤ ᠮᠠᠯᠴᠢᠨ ᠲᠠᠷᠢᠶᠠᠴᠢᠨ ᠪᠠ ᠬᠥᠯᠥᠰᠥᠨ ᠠᠵᠢᠯᠴᠢᠨ 17 ᠡᠷᠦᠬᠡ ᠪᠣᠶ᠃ ᠬᠦᠷᠢᠶᠡᠯᠡᠩ ᠲᠣᠭᠤᠷᠢᠭ ᠨᠢ ᠤᠯᠤᠰ ᠤᠨ ᠲᠠᠰ ᠤᠨ 《ᠰᠢᠨ᠎ᠡ ᠶᠢ ᠡᠭᠦᠳᠬᠦ ᠣᠳᠣᠨ ᠣᠷᠣᠨ》᠂ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ 《ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠬᠦᠷᠢᠶᠡᠯᠡᠩ》᠂ ᠤᠯᠤᠰ ᠤᠨ 2A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 《ᠣᠯᠠᠨ ᠢᠶᠠᠷ ᠢᠶᠠᠨ ᠰᠢᠨ᠎ᠡ ᠶᠢ ᠡᠭᠦᠳᠬᠦ》 ᠳᠤ ᠲᠤᠯᠭᠠᠭᠤᠷᠢᠯᠠᠬᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠢᠶᠠᠷ ᠦᠨᠡᠯᠡᠭᠳᠡᠵᠦ᠂ ᠣᠲᠣ ᠶᠠᠭ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠨ ᠲᠣᠭᠲᠠᠭᠠᠯᠭᠠᠬᠤ ᠪᠠᠷ ᠭᠤᠶᠤᠴᠢᠯᠠᠵᠤ ᠪᠤᠢ᠃  

ᠲᠠᠪᠤ᠂ ᠨᠠᠷᠢᠯᠢᠭ ᠣᠨᠣᠴᠠᠲᠠᠶ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠦᠷᠲᠡᠭᠡᠪᠡ᠃ ᠠᠯᠠᠱᠠ ᠠᠶᠢᠮᠠᠭ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠣᠯᠪᠠᠰᠤᠷᠠᠯ ᠬᠦᠷᠲᠡᠬᠦ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠭᠰᠠᠨ ᠰᠠᠭᠤᠷᠢᠨ ᠳᠡᠭᠡᠷ᠎ᠡ᠂ ᠪᠣᠯᠪᠠᠰᠤᠷᠠᠯ ᠤᠨ ᠠᠷᠭ᠎ᠠ ᠮᠠᠶ᠋ᠢᠭ ᠢᠶᠠᠨ ᠰᠢᠨᠡᠴᠢᠯᠡᠵᠦ᠂ ᠰᠦᠯᠵᠢᠶᠡᠨ ᠤ ᠳᠠᠪᠠᠭᠤᠯᠢᠭ ᠢ ᠠᠰᠢᠭᠯᠠᠨ᠂ ᠠᠮᠢᠳᠤᠯᠢᠭ ᠪᠥᠭᠡᠳ ᠣᠯᠠᠨ ᠬᠡᠯᠪᠡᠷᠢ ᠮᠠᠶ᠋ᠢᠭ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠲᠣᠬᠢᠷᠠᠭᠤᠯᠪᠠ᠃ ᠡᠬᠡ ᠨᠢᠯᠬ᠎ᠠ ᠎ᠶ᠋ᠢᠨ ᠰᠤᠪᠢᠯᠠᠯᠲᠠ᠂ ᠲᠠᠩᠺᠠ ᠦᠢᠯᠡᠳᠬᠦ᠂ ᠭᠠᠷ ᠨᠡᠬᠡᠮᠡᠯ ᠵᠡᠷᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠬᠢ ᠡᠷᠬᠢᠯᠡᠭᠰᠡᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠡᠯᠡᠰᠦᠨ ᠴᠦᠯ ᠤᠨ ᠵᠤᠭᠠᠴᠠᠯ ᠤᠨ ᠰᠣᠨᠢᠷᠬᠠᠯᠲᠠᠢ ᠵᠢᠯᠣᠭᠤᠳᠬᠤ ᠮᠡᠷᠭᠡᠵᠢᠯ᠂ ᠮᠠᠯ ᠠᠵᠤ ᠠᠬᠤᠢ ᠶᠢᠨ ᠬᠥᠬᠡ ᠳᠠᠷᠤᠰᠢ ᠡᠳ᠋ᠰᠢᠭᠦᠯᠬᠦ ᠵᠡᠷᠭᠡ ᠪᠣᠯᠪᠠᠰᠤᠷᠠᠯ ᠤᠨ ᠠᠩᠬᠢ ᠶᠢ ᠨᠡᠭᠡᠭᠡᠵᠦ᠂ ᠶᠠᠳᠠᠭᠤ ᠠᠴᠠ ᠠᠩᠭᠢᠵᠢᠷᠠᠭᠰᠠᠨ 554 ᠬᠥᠮᠦᠨ ᠳᠤ ᠪᠣᠯᠪᠠᠰᠤᠷᠠᠯ ᠬᠦᠷᠲᠡᠭᠡᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠵᠤ‌ ᠦᠢᠯᠡᠰ ᠪᠤᠰᠬᠠᠬᠤ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠵᠡᠢ᠃

 

 

 


   :                    
   :           
备案序号:蒙ICP备05003250号 公安备案15010502000173