ᠵᠤᠬᠢᠶᠠᠭᠴᠢ: ᠴᠠᠭ:2022-04-29 ᠥᠵᠡᠭᠰᠡᠨ : ᠢᠷᠡᠯᠲᠡ:  ᠠᠯᠠᠱᠠ ᠠᠶᠢᠮᠠᠭ ᠤᠨ ᠵᠠᠬᠢᠷᠭ᠎ᠠ  
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ ᠠᠷᠪᠠᠳᠤᠭᠠᠷ ᠬᠤᠷᠠᠯ ᠬᠤᠷᠠᠯᠳᠤᠪᠠ

 

2022  4  ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ ᠠᠷᠪᠠᠳᠤᠭᠠᠷ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠠᠶᠢᠮᠠᠭ ᠤᠨ ᠵᠠᠬᠢᠷᠭ᠎ᠠ ᠶᠢᠨ ᠠᠵᠢᠯ ᠤᠨ ᠮᠡᠳᠡᠭᠦᠯᠦᠯᠲᠡ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ ᠬᠤᠷᠠᠯ ᠢ ᠡᠷᠭᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠠᠭᠤᠯᠠ᠂ ᠴᠧᠨ ᠸᠧᠨ ᠪᠢᠨ᠂ ᠵᠠᠩ ᠬᠤ᠋ ᠸᠧᠨ᠂ ᠪᠠᠬᠢ᠂ ᠸᠧᠶ ᠴᠢᠶᠣᠤ ᠯᠢᠩ ᠵᠢᠴᠢ ᠡᠯ᠎ᠡ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠠᠴᠠ ᠠᠶᠢᠮᠠᠭ ᠤᠨ ᠵᠠᠬᠢᠷᠭ᠎ᠠ ᠶᠢᠨ ᠠᠵᠢᠯ ᠤᠨ ᠮᠡᠳᠡᠭᠦᠯᠦᠯᠲᠡ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠵᠡᠷᠭᠡ 7 ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ ᠪᠠᠲᠤᠯᠠᠨ᠂ 《 ᠪᠦᠬᠦ ᠠᠶᠢᠮᠠᠭ ᠤᠨ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠢ ᠠᠶᠢᠮᠠᠭ ᠤᠨ ᠵᠠᠬᠢᠷᠭ᠎ᠠ ᠶᠢᠨ ᠮᠡᠳᠡᠭᠦᠯᠦᠯᠲᠡ 》《ᠠᠶᠢᠮᠠᠭ ᠤᠨ ᠵᠠᠬᠢᠷᠭ᠎ᠠ ᠶᠢᠨ 2021 ᠣᠨ ᠤ ᠪᠦᠬᠦ ᠠᠶᠢᠮᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2022 ᠣᠨ ᠤ ᠠᠶᠢᠮᠠᠭ ᠤᠨ ᠱᠠᠲᠤᠨ ᠤ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ》 ᠶᠢ ᠬᠢᠨᠠᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠵᠥᠪᠯᠡᠯ ᠤᠨ ᠪᠦᠷᠢᠯᠳᠦᠬᠦᠨ ᠳᠤ ᠲᠤᠰᠢᠶᠠᠯ ᠡᠭᠦᠷᠭᠡᠯᠡᠬᠦ ᠮᠡᠳᠡᠭᠳᠡᠯ ᠢ ᠨᠡᠶᠢᠲᠡᠯᠡᠭᠰᠡᠨ ᠪᠥᠭᠡᠳ ᠰᠢᠨ᠎ᠡ ᠪᠠᠷ ᠲᠤᠰᠢᠶᠠᠯ ᠡᠭᠦᠷᠭᠡᠯᠡᠭᠰᠡᠨ ᠬᠥᠮᠦᠰ ᠢ ᠵᠣᠬᠢᠶᠠᠨ ᠪᠠᠶᠢᠭᠤᠯᠵᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃

ᠳᠠᠶᠢᠴᠢᠨ ᠠᠶᠢᠮᠠᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠰᠢᠨ᠎ᠡ ᠪᠠᠷ ᠲᠣᠮᠢᠯᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠪᠦᠷᠢᠯᠳᠦᠬᠦᠨ ᠨᠡᠷ ᠲᠤ ᠬᠠᠯᠠᠭᠤᠨ ᠪᠠᠶᠠᠷ ᠬᠦᠷᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ  ᠵᠦᠪᠯᠡᠯ ᠤᠨ ᠠᠵᠢᠯ ᠢ ᠬᠦᠢᠴᠡᠳ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠮᠠᠭᠲᠠ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠪᠠᠷᠢᠮᠲᠠᠯᠠᠵᠤ᠂ ᠪᠦᠬᠦ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠢ ᠭᠦᠢᠴᠡᠳᠬᠡᠵᠦ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠲᠠᠯ᠎ᠠ  ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠦ᠂ ᠪᠦᠬᠦ ᠠᠶᠢᠮᠠᠭ  ᠤᠨ ᠠᠵᠤ ᠠᠬᠤᠢ ᠨᠡᠶᠢᠭᠡᠮ  ᠤᠨ ᠴᠢᠨᠠᠷ ᠰᠠᠶᠢᠲᠠᠢ ᠬᠥᠭᠵᠢᠯᠲᠡ  ᠪᠠ ᠠᠷᠠᠳᠴᠢᠯᠠᠯ ᠬᠠᠤᠯᠢᠵᠢᠯ  ᠤᠨ ᠪᠠᠶᠢᠭᠤᠯᠤᠯᠲᠠ  ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠪᠠ᠃

ᠳᠠᠶᠢᠴᠢᠨ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠬᠤ ᠠᠩᠬᠠᠨ ᠤ ᠵᠢᠯ ᠮᠥᠨ᠂ ᠪᠠᠰᠠ ᠴᠤ ᠠᠯᠠᠱᠠ ᠶᠢᠨ ᠰᠢᠨ᠎ᠡ ᠠᠶᠠᠨ ᠳᠠᠭᠠᠨ ᠮᠣᠷᠳᠠᠬᠤ ᠲᠦᠢᠯ ᠤᠨ ᠴᠢᠬᠤᠯᠠ ᠨᠢᠭᠡ ᠵᠢᠯ ᠮᠥᠨ᠂ ᠪᠥᠬᠦ ᠠᠶᠢᠮᠠᠭ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠢᠳᠡᠪᠬᠢᠲᠡᠶ ᠠᠬᠢᠭᠤᠯᠵᠤ᠂ ᠲᠥᠯᠥᠭᠡᠯᠡᠭᠴᠢᠳ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠪᠥᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠢᠮᠠᠭᠲᠠ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ 《ᠬᠤᠶᠠᠷ ᠢ  》  ᠦᠨᠡᠨᠴᠢ ᠰᠢᠳᠤᠷᠭᠤ ᠪᠠᠷ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ ᠂ ᠪᠥᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠢᠮᠠᠭᠲᠠ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠵᠤ᠂ ᠨᠠᠮ ᠤᠨ ᠵᠣᠷᠢᠯᠳᠠ ᠡᠭᠦᠷᠭᠡ ᠬᠠᠷᠢᠭᠤᠴᠠᠯᠭ᠎ᠠ ᠪᠠ ᠦᠨᠳᠦᠰᠦᠨ ᠵᠣᠷᠢᠯᠲᠠ ᠶᠢ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠠᠰᠠᠭᠤᠳᠠᠯ ᠳᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠠᠰᠠᠭᠤᠬᠤ ᠪᠠ ᠪᠠᠶᠢᠴᠠᠭᠠᠨ ᠰᠤᠳᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠷᠨᠢᠭᠦᠯᠦᠭᠰᠡᠨ ᠬᠢᠨᠠᠯᠲᠠ ᠲᠠᠯᠪᠢᠬᠤ ᠠᠵᠢᠯᠯᠠᠭ᠎ᠠ᠂ ᠳᠤᠷᠠᠳᠤᠭᠰᠠᠨ ᠠᠷᠭ᠎ᠠ ᠪᠤᠳᠤᠯᠭ᠎ᠠ ᠰᠠᠨᠠᠭᠤᠯᠭ᠎ᠠ ᠶᠢ ᠠᠯᠠᠱᠠ ᠶᠢᠨ ᠪᠣᠳᠠᠲᠤ ᠪᠠᠶᠢᠳᠠᠯ ᠳᠤ ᠨᠡᠩ ᠢᠯᠡᠭᠦᠦ ᠨᠡᠶᠢᠴᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠩ ᠢᠯᠡᠭᠦᠦ ᠨᠡᠶᠢᠴᠡᠭᠦᠯᠬᠦ ᠬᠡᠷᠡᠭᠲᠡᠢ᠃ ᠠᠵᠢᠯ ᠦᠢᠯᠡᠰ ᠲᠡᠭᠡᠨ ᠢᠮᠠᠭᠲᠠ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠢᠯᠡᠴᠢᠯᠡᠬᠡᠨ ᠤ ᠲᠥᠪ ᠪᠠ ᠶᠡᠭᠡ ᠲᠠᠯ᠎ᠠ ᠶᠢᠨ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠶ ᠣᠯᠵᠤ᠂ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠮᠥᠷᠳᠡᠨ ᠬᠢᠨᠠᠯᠲᠠ ᠲᠠᠯᠪᠢᠵᠤ᠂ ᠪᠥᠬᠦ ᠠᠶᠢᠮᠠᠭ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠶ᠃ ᠢᠮᠠᠭᠲᠠ ᠡᠭᠦᠷᠭᠡ ᠬᠠᠷᠢᠭᠤᠴᠠᠯᠭ᠎ᠠ ᠳᠠᠭᠠᠨ ᠦᠨᠡᠨᠴᠢ ᠰᠢᠳᠤᠷᠭᠤ ᠪᠠᠶᠢᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠨᠥᠭᠡᠴᠡ ᠪᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠦᠢᠯᠡᠳᠦᠯᠬᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠠᠶ ᠶᠢ ᠡᠷᠬᠢᠮᠯᠡᠨ ᠠᠵᠢᠯᠯᠠᠬᠤ᠂ ᠠᠷᠭ᠎ᠠ ᠰᠦᠪᠡᠭᠴᠢᠯᠡᠨ ᠴᠢᠳᠠᠮᠠᠭᠠᠶ ᠠᠵᠢᠯᠯᠠᠬᠤ᠂ ᠪᠦᠯᠬᠦᠮᠳᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠵᠤ᠂ ᠤᠯᠤᠰ ᠲᠥᠷᠥ ᠶᠢᠨ ᠡᠵᠡᠮᠳᠡᠬᠦ ᠴᠢᠳᠠᠪᠤᠷᠢ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠ ᠠᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠦᠨᠡᠨ ᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ 《ᠮᠡᠷᠭᠡᠵᠢᠯᠲᠡᠨ》 ᠪᠣᠯᠬᠤ ᠬᠡᠷᠡᠭᠲᠡᠶ᠃ ᠢᠲᠡᠭᠡᠯ ᠪᠢᠰᠢᠷᠡᠯ ᠳᠡᠭᠡᠨ ᠢᠮᠠᠭᠲᠠ ᠦᠨᠡᠨᠴᠢ ᠰᠢᠳᠤᠷᠭᠤ ᠪᠠᠶᠢᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠪᠠᠲᠤᠯᠠᠵᠤ᠂ ᠠᠷᠢᠭᠤᠨ ᠴᠢᠬᠡᠴᠢ ᠰᠤᠷᠲᠠᠯ ᠢ ᠴᠥᠬᠦᠷᠡᠰᠢ ᠦᠭᠡᠢ ᠬᠠᠳᠠᠭᠠᠯᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠲᠤᠰᠢᠶᠠᠯ ᠢᠶᠠᠨ ᠭᠦᠢᠴᠡᠳᠬᠡᠬᠦ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠸᠧᠢ ᠳ᠋ᠦᠩ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ 《 ᠲᠠᠪᠤᠨ ᠵᠠᠪᠠᠯ ᠶᠠᠪᠤᠬᠤ ᠵᠠᠮ》 ᠤᠨ ᠴᠢᠬᠤᠯᠠ ᠲᠠᠨᠢᠯᠲᠠ ᠶᠢ ᠰᠤᠷᠤᠯᠴᠠᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ 《ᠠᠷᠪᠠ ᠶᠢ ᠪᠠᠷᠢᠮᠲᠠᠯᠠᠬᠤ》 ᠡᠷᠬᠢᠮ ᠨᠠᠨᠳᠢᠨ ᠲᠤᠷᠰᠢᠯᠭ᠎ᠠ ᠶᠢ ᠰᠤᠷᠤᠯᠴᠠᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠢ᠃ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠥᠨᠳᠥᠷ ᠪᠦᠲᠦᠮᠵᠢᠲᠡᠶ ᠪᠠᠷ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ 2022 ᠣᠨ ᠤ ᠠᠵᠢᠯ ᠤᠨ ᠭᠤᠤᠯᠳᠠᠯᠭ᠎ᠠ ᠶᠢ ᠨᠠᠷᠢᠨ ᠬᠢᠨᠠᠮᠠᠭᠠᠶ ᠰᠠᠶᠢᠲᠤᠷ ᠬᠡᠷᠡᠭᠵᠢᠭᠦᠯᠵᠦ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠳᠦᠯᠦᠭᠡᠯᠡᠭᠴᠢ ᠵᠡᠷᠭᠡ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠦᠷᠭᠦᠯᠵᠢᠯᠡᠨ ᠬᠦᠴᠦᠯᠡᠨ ᠠᠬᠢᠭᠤᠯᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠵᠢᠯ ᠤᠨ ᠵᠥᠪᠯᠡᠯ ᠤᠨ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠦᠨᠡᠨ ᠬᠦ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠭᠠᠪᠢᠶ᠎ᠠ ᠵᠢᠳᠬᠦᠯ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠴᠤᠭ ᠵᠢᠪᠬᠤᠭ᠎ᠠ ᠪᠠᠨ ᠢᠯᠡᠷᠡᠭᠦᠯᠵᠦ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠤᠯᠤᠰ ᠲᠥᠷᠥ ᠶᠢᠨ ᠪᠠᠶᠢᠭᠤᠯᠤᠯᠲᠠ᠂ ᠰᠤᠷᠤᠯᠴᠠᠯᠭ᠎ᠠ ᠪᠣᠯᠪᠠᠰᠤᠷᠠᠭᠤᠯᠤᠯ᠂ ᠪᠠᠶᠢᠴᠠᠭᠠᠨ ᠰᠤᠳᠤᠯᠤᠯᠲᠠ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠵᠢᠴᠢ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠰᠢᠨ᠎ᠡ ᠴᠠᠭ ᠦᠶ᠎ᠡ ᠶᠢᠨ ᠪᠥᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃

ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠠᠢ ᠲᠤᠤ᠂ ᠠᠶᠢᠮᠠᠭ ᠤᠨ ᠳᠡᠳ᠋ ᠳᠠᠷᠤᠭ᠎ᠠ ᠮᠥᠩᠬᠡ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠭᠦᠸᠧ ᠴᠢᠤᠸᠠᠨ ᠶᠦᠨ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠭᠦᠸᠧ ᠸᠧᠨ ᠰᠢᠤ ᠵᠢᠴᠢ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ᠂ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ᠂ ᠴᠡᠭᠡ ᠪᠣᠭᠤᠮᠲᠠ ᠶᠢᠨ ᠨᠡᠭᠡᠭᠡᠯᠲᠡ ᠶᠢᠨ ᠣᠷᠣᠨ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠤᠨ ᠥᠪᠡᠷᠲᠡᠭᠡᠨ ᠵᠠᠰᠠᠬᠤ ᠣᠷᠣᠨ᠂ ᠠᠯᠠᠱᠠ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠬᠤᠷᠠᠯ ᠤᠨ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠂ ᠠᠯᠠᠱᠠ ᠵᠡᠭᠦᠨ ᠬᠤᠰᠢᠭᠤᠨ ᠤ ᠠᠷᠠᠳ ᠤᠨ ᠬᠡᠰᠡᠭ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠪᠡ᠃

 

 

 


   :                    
   :           
备案序号:蒙ICP备05003250号 公安备案15010502000173