ᠵᠤᠬᠢᠶᠠᠭᠴᠢ: ᠴᠠᠭ:2023-12-15 ᠥᠵᠡᠭᠰᠡᠨ : ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ

 

12 ᠳ᠋ᠤᠭᠠᠷ ᠰᠠᠷ᠎ᠠ  ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠪᠠ᠃

ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠱᠠᠩᠬᠠᠶ᠂ ᠵᠢᠶᠠᠩᠰᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ ᠨᠠᠷᠠᠲᠤ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠣᠨ ᠬᠡᠷᠡᠭᠯᠡᠬᠦ ᠶᠢ ᠠᠬᠢᠭᠤᠯᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠡᠷᠬᠢᠯᠡᠬᠦ ᠶᠠᠪᠤᠴᠠ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ᠂ ᠰᠢᠢᠳᠪᠦᠷᠢᠯᠡᠬᠦ ᠴᠠᠭ ᠢ ᠪᠣᠭᠤᠨᠢᠰᠬᠠᠵᠤ᠂ ᠠᠵᠤ ᠠᠬᠤᠶᠢᠯᠠᠯ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠮᠠᠭᠤ ᠠᠴᠠ ᠪᠤᠯᠵᠤ ᠶᠠᠭᠠᠬᠢᠭᠰᠠᠨ ᠴᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠰᠡᠳᠬᠢᠯ ᠢ ᠬᠦᠨᠳᠡᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠨᠥᠯᠥᠭᠡᠯᠡᠵᠦ ᠪᠣᠯᠬᠤ ᠦᠭᠡᠢ᠃ ᠠᠷᠠᠳ ᠤᠨ ᠬᠤᠲᠠ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠬᠡᠵᠢᠬᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢᠨ ᠵᠣᠷᠢᠯᠲᠠ ᠪᠠ ᠲᠤᠰᠤᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠤᠬᠡᠳ ᠤᠨ ᠴᠡᠴᠡᠷᠯᠢᠭ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠤᠲᠠ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠴᠢᠬᠤᠯᠠᠴᠢᠯᠠᠵᠤ᠂ ᠠᠯᠠᠱᠠ ᠶᠢᠨ 《 ᠤᠮᠠᠷᠠᠲᠤ ᠬᠢᠯᠢ ᠶᠢᠨ ᠰᠣᠶᠣᠯ ᠤᠨ ᠪᠦᠰᠡ》 ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ ᠭᠡᠪᠡ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 11 ᠳ᠋ᠦ᠋ᠭᠡᠷᠶᠢᠨ 27 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠭᠤᠯᠤᠬᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ 《ᠳᠣᠯᠣᠭᠠᠨ ᠶᠡᠭᠡ ᠳᠠᠶᠢᠯᠠᠯᠳᠤᠭᠠᠨ》 ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠨᠡᠭᠡᠭᠡᠯᠲᠡ ᠬᠢᠵᠦ ᠬᠠᠮᠲᠤᠷᠠᠯᠴᠠᠬᠤ ᠤᠬᠠᠮᠰᠠᠷ ᠢᠶᠠᠨ ᠴᠢᠩᠭᠠᠳᠬᠠᠵᠤ᠂ ᠨᠠᠩ ᠣᠯᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢᠶᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠭᠦᠨᠵᠡᠭᠡᠶ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠬᠡᠨ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠳᠤ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 — 2026 ᠣᠨ︶》 ᠶᠢ ᠤᠯᠠᠮᠵᠢᠯᠠᠨ ᠰᠤᠷᠤᠯᠴᠠᠵᠤ᠂ 《ᠠᠯᠠᠱᠠ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 — 2026 ᠣᠨ︶》 ᠶᠢ ᠰᠤᠳᠤᠯᠤᠨ ᠬᠢᠨᠠᠨ ᠵᠥᠪᠯᠡᠵᠦ ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠢᠷᠡᠬᠦ ᠵᠢᠯ ᠤᠨ ᠲᠣᠭᠤᠷᠢᠨ ᠪᠠᠶᠢᠴᠠᠭᠠᠬᠤ ᠠᠵᠢᠯ ᠢ ᠭᠦᠨᠵᠡᠭᠡᠶ ᠨᠠᠷᠢᠯᠢᠭ ᠲᠥᠯᠥᠪᠵᠢᠭᠦᠯᠵᠦ᠂ ᠲᠣᠭᠤᠷᠢᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠳᠤ ᠪᠠᠰᠠ 《ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠠᠵᠢᠯ ᠤᠨ ᠲᠥᠰᠦᠯ》᠂ 《ᠪᠦᠬᠦ ᠠᠶᠢᠮᠠᠭ ᠲᠤ ︿ᠨᠠᠮ ᠤᠨ ᠠᠴᠢ ᠳᠤ ᠳᠠᠯᠠᠷᠬᠠᠵᠦ᠂ ᠨᠠᠮ ᠤᠨ ᠦᠭᠡ ᠶᠢ ᠰᠣᠨᠣᠰᠴᠦ᠂ ᠨᠠᠮ ᠢᠶᠠᠨ ᠳᠠᠭᠠᠬᠤ﹀ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ》 ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃

 

 

 


   :                    
   :           
备案序号:蒙ICP备05003250号 公安备案15010502000173