ᠵᠤᠬᠢᠶᠠᠭᠴᠢ:
ᠴᠠᠭ:2024-10-18
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
2024 10 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠬᠢᠯᠡᠪᠡ᠃
ᠬᠤᠷᠠᠯ ᠳᠤ 9 ᠰᠠᠷ᠎ᠠ ᠶᠢᠨ 26 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠠᠵᠠ ᠲᠣᠬᠢᠶᠠᠯ ᠢ ᠡᠷᠢᠯᠬᠢᠯᠡᠵᠦ᠂ ᠳᠡᠮᠵᠢᠯᠭᠡ ᠶᠢ ᠣᠯᠵᠤ᠂ ᠣᠳᠣᠬᠠᠨ ᠤ ᠠᠵᠤ ᠠᠬᠤᠢ ᠶᠢᠨ ᠠᠵᠢᠯ ᠢ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠵᠦ᠂ ᠵᠣᠷᠢᠭ ᠰᠠᠨᠠᠭ᠎ᠠ ᠪᠠᠨ ᠬᠥᠪᠴᠢᠯᠡᠵᠦ᠂ ᠶᠡᠬᠡᠪᠡᠷ ᠠᠵᠢᠯᠯᠠᠵᠤ ᠲᠦᠷᠭᠡᠨ ᠠᠵᠢᠯᠯᠠᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 75 ᠵᠢᠯ ᠤᠨ ᠲᠤᠷᠰᠢ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠣᠯᠤᠨ ᠤᠯᠤᠰ ᠤᠨ ᠠᠵᠢᠯ ᠦᠢᠯᠡᠰ ᠠᠭᠤᠤ ᠶᠡᠭᠡ ᠠᠮᠵᠢᠯᠲᠠ ᠣᠯᠤᠭᠰᠠᠨ ᠲᠡᠦᠬᠡ ᠶᠢᠨ ᠯᠣᠭᠢᠭ᠂ ᠤᠨᠤᠯ ᠤᠨ ᠯᠣᠭᠢᠭ ᠪᠣᠯᠤᠨ ᠦᠢᠯᠡᠳᠦᠯᠭᠡ ᠶᠢᠨ ᠯᠣᠭᠢᠭ ᠢ ᠭᠦᠨᠵᠡᠭᠡᠢ ᠣᠶᠢᠯᠠᠭᠠᠵᠤ᠂ ᠨᠡᠩ ᠤᠯᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠤᠶᠤᠨ ᠤᠬᠠᠭᠠᠨ ᠪᠣᠯᠤᠨ ᠬᠦᠴᠦᠨ ᠴᠢᠳᠠᠯ ᠢ ᠰᠢᠩᠭᠡᠭᠡᠨ ᠠᠪᠴᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ 《ᠵᠢᠷᠭᠤᠭᠠᠨ ᠢᠨᠵᠧᠨᠧᠷᠢᠩ》 ᠢ ᠭᠦᠨᠵᠡᠭᠡᠢ ᠬᠡᠷᠡᠭᠵᠢᠭᠦᠯᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠨᠣᠮᠧᠷᠲᠤ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠨ ᠬᠥᠮᠦᠰ ᠤᠨ ᠲᠥᠯᠥᠭᠡᠯᠡᠭᠴᠢ ᠶᠢ ᠬᠦᠯᠢᠶᠡᠨ ᠠᠪᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂《ᠤᠯᠤᠰ ᠤᠨ ᠶᠡᠭᠡ ᠶᠠᠪᠤᠳᠠᠯ》 ᠢ ᠪᠠᠲᠤ ᠴᠡᠭᠡᠵᠢᠯᠡᠵᠦ᠂ ᠬᠤᠶᠠᠷ ᠶᠡᠭᠡ ᠰᠠᠭᠤᠷᠢᠨ ᠭᠠᠵᠠᠷ ᠲᠤ ᠪᠦᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ ᠳᠡᠬᠦᠨ ᠢ ᠪᠠᠲᠤᠯᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠳᠠᠯᠳᠤᠭᠠᠨ ᠤ ᠵᠣᠷᠢᠭᠤᠯᠣᠯᠳᠠ ᠪᠦᠬᠦᠢ ᠰᠠᠨᠰᠠᠷ ᠤᠨ ᠠᠶᠠᠯᠠᠯ᠂ ᠠᠭᠠᠷ ᠤᠨ ᠠᠵᠤ ᠠᠬᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠭᠢ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠤᠷᠭᠠᠭᠤᠯᠢ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠤᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠤᠷᠭᠠᠭᠤᠯᠢ ᠡᠷᠭᠢᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠰᠤᠷᠭᠠᠭᠤᠯᠢ ᠡᠷᠭᠢᠯᠡᠬᠦ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠣᠨᠴᠠᠯᠢᠭᠲᠤ ᠰᠣᠳᠣᠨ ᠬᠢᠴᠢᠶᠡᠯ ᠢ ᠳᠣᠬᠢᠷᠠᠭᠤᠯᠵᠦ ᠂ ᠪᠣᠯᠪᠠᠰᠤᠷᠠᠯ ᠤᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠂ ᠥᠷᠭᠡᠨ ᠣᠯᠠᠨ ᠺᠠᠳ᠋ᠷ ᠤᠨ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠤᠯᠪᠣᠭᠳᠠᠯ ᠪᠦᠬᠦᠢ ᠠᠵᠢᠯ ᠢ ᠦᠨᠡᠨ ᠪᠣᠳᠠᠲᠠᠢ ᠪᠦᠲᠦᠮᠵᠢᠲᠡᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠷᠣᠠᠭᠤᠯᠠ ᠭᠠᠴᠠᠭᠠᠨ ᠤ ᠨᠠᠮ ᠤᠨ ᠡᠭᠦᠷ ᠪᠣᠯᠤᠨ ᠨᠢᠮ᠎ᠠ ᠨᠠᠰᠤᠲᠠᠨ ᠵᠡᠷᠭᠡ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠲᠣᠭᠲᠠᠭᠤᠨ ᠤ ᠶᠡᠭᠡ ᠰᠠᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠵᠦ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ᠂ ᠪᠠᠭᠠᠲᠤᠷᠴᠤᠳ ᠤᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃
ᠬᠤᠷᠠᠯ ᠳᠤ ᠪᠥᠬᠦ ᠠᠶᠢᠮᠠᠭ ᠤᠨ ᠬᠢᠯᠢ ᠶᠢᠨ ᠹᠷᠣᠨᠲ ᠤᠨ ᠤᠰᠤ ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠰᠠᠭᠤᠷᠢ ᠪᠡᠯᠡᠳᠭᠡᠮᠵᠢ ᠶᠢ ᠪᠥᠲᠥᠭᠡᠨ ᠪᠠᠶᠢᠭᠤᠯᠬᠤ ᠡᠭᠦᠷᠭᠡ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠢᠷᠡᠬᠦ ᠵᠢᠯ ᠤᠨ ᠬᠢᠯᠢ ᠬᠢᠵᠠᠭᠠᠷ ᠢ ᠰᠠᠬᠢᠨ ᠬᠠᠮᠠᠭᠠᠯᠠᠵᠤ ᠬᠢᠯᠢ ᠬᠢᠵᠠᠭᠠᠷ ᠢᠶᠠᠨ ᠮᠠᠨᠳᠤᠭᠤᠯᠬᠤ ᠲᠥᠷᠥᠯ ᠵᠦᠢᠯ ᠢ ᠱᠠᠯᠠᠪᠳᠠᠨ ᠰᠦᠪᠡᠭᠴᠢᠯᠡᠵᠦ᠂ ᠨᠠᠩ ᠣᠯᠠᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠵᠤ᠂ ᠮᠠᠨ ᠤ ᠠᠶᠢᠮᠠᠭ ᠤᠨ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃