ᠵᠤᠬᠢᠶᠠᠭᠴᠢ:
ᠴᠠᠭ:2025-03-07
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ
2025 3 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠳᠣᠣᠱᠯᠠᠭᠤᠯᠬᠤ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠶ ᠴᠢᠬᠤᠯᠠ ᠥᠭᠦᠯᠡᠯᠲᠡ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠬᠤᠸᠠᠩ ᠶᠠ ᠯᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠲᠦᠷᠦ ᠲᠦᠪᠰᠢᠨ ᠲᠦᠮᠡᠨ ᠠᠮᠣᠭᠤᠯᠠᠩ ᠲᠠᠢ ᠬᠤᠯᠪᠣᠭᠳᠠᠬᠤ ᠲᠡᠷᠢᠭᠦᠨ ᠴᠢᠬᠤᠯᠠ ᠶᠠᠪᠤᠳᠠᠯ ᠮᠥᠨ᠂ ᠶᠡᠭᠡ ᠲᠠᠯ᠎ᠠ ᠶᠢᠨ ᠦᠵᠡᠯᠲᠡ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠢᠮᠠᠭᠲᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠨᠳᠦᠷᠴᠡ ᠠᠴᠠ ᠠᠯᠠᠱᠠ ᠶᠢᠨ ᠠᠮᠤᠷ ᠲᠦᠪᠰᠢᠨ ᠤ ᠠᠵᠢᠯ ᠢ ᠬᠢᠨᠠᠨ ᠦᠵᠡᠵᠦ᠂ 《ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ》ᠬᠠᠷᠢᠭᠤᠴᠠᠯᠭᠠᠲᠤ ᠰᠡᠳᠬᠢᠯᠭᠡ ᠪᠠᠷ ᠤᠯᠤᠰ ᠤᠨ ᠠᠮᠤᠷ ᠲᠦᠪᠰᠢᠨ ᠤ ᠠᠵᠢᠯ ᠢ ᠭᠦᠨᠵᠡᠭᠡᠢ ᠰᠦᠪᠡᠭᠴᠢᠯᠡᠵᠦ᠂ ᠪᠣᠳᠠᠲᠠᠢ ᠠᠳᠬᠤᠵᠤ᠂ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠲᠣᠭᠤᠷᠢᠨ ᠳᠤ᠂ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠠᠮᠤᠷ ᠲᠦᠪᠰᠢᠨ ᠤ ᠰᠠᠨᠠᠭᠠᠴᠢᠯᠠᠭᠠᠲᠤ ᠡᠷᠭᠡ ᠶᠢ ᠪᠦᠬᠦ ᠲᠠᠯ᠎ᠠ ᠪᠠᠷ ᠰᠠᠶᠢᠲᠤᠷ ᠡᠵᠡᠮᠰᠢᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠵᠥᠷᠢᠴᠡᠯ ᠢ ᠨᠠᠮᠳᠠᠭᠤᠯᠬᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂《ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ》 ᠬᠡᠷᠡᠭᠵᠢᠭᠦᠯᠬᠦ ᠬᠦᠴᠦᠨ ᠢᠶᠠᠷ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠴᠠ ᠶᠢ ᠰᠠᠶᠢᠲᠤᠷ ᠪᠠᠶᠢᠭᠤᠯᠵᠤ᠂ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠠᠭᠤᠷ ᠠᠮᠢᠰᠬᠤᠯ ᠢ ᠪᠤᠢ ᠪᠣᠯᠭᠠᠵᠤ᠂ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠪᠠ ᠠᠶᠤᠯ ᠲᠦᠭᠰᠢᠭᠦᠷᠢ ᠶᠢ ᠬᠤᠯᠪᠣᠭᠠᠯᠠᠨ ᠰᠡᠷᠭᠡᠶᠢᠯᠡᠵᠦ ᠬᠠᠮᠲᠤ ᠪᠠᠷ ᠵᠠᠰᠠᠬᠤ ᠶᠢ ᠴᠢᠩᠭᠠᠳᠬᠠᠵᠤ᠂《ᠨᠠᠮ ᠵᠠᠰᠠᠭ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ》ᠬᠠᠷᠢᠭᠤᠴᠠᠯᠭ᠎ᠠ ᠶᠢᠨ ᠬᠡᠯᠬᠢᠶ᠎ᠡ ᠪᠠᠷ ᠤᠯᠤᠰ ᠤᠨ ᠠᠮᠤᠷ ᠲᠦᠪᠰᠢᠨ ᠤ ᠪᠦᠬᠦᠯᠢ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠬᠡᠷᠡᠭᠲᠡᠢ ᠭᠡᠪᠡ᠃
ᠬᠤᠷᠠᠯ ᠳᠡᠭᠡᠷ᠎ᠡ᠂ ᠬᠤᠸᠠᠩ ᠶᠠ ᠯᠢ ᠪᠠᠰᠠ《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ》 ᠤᠨ ᠪᠦᠬᠦ ᠠᠭᠤᠯᠬ᠎ᠠ ᠶᠢ ᠰᠤᠷᠤᠯᠴᠠᠭᠰᠠᠨ ᠪᠥᠭᠡᠳ《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ》 ᠢ ᠰᠤᠷᠤᠯᠴᠠᠨ ᠵᠢᠷᠤᠮᠯᠠᠬᠤ ᠲᠤᠬᠠᠶ ᠱᠠᠭᠠᠷᠳᠠᠯᠭ᠎ᠠ ᠳᠤᠷᠠᠳᠪᠠ᠃