ᠵᠤᠬᠢᠶᠠᠭᠴᠢ:
ᠴᠠᠭ:2025-04-04
ᠥᠵᠡᠭᠰᠡᠨ : ℃
ᠢᠷᠡᠯᠲᠡ:
ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
2025 3 ᠰᠠᠷ᠎ᠠ ᠶᠢᠨ 31 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠳᠤ ᠶᠡᠷᠦᠩᠬᠡᠶ ᠱᠦᠵᠢ ᠰᠢ ᠵᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡ ᠭᠤᠣᠯ ᠰᠢᠵᠢᠮ ᠢ ᠳᠣᠣᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ 《ᠵᠢᠷᠭᠤᠭᠠᠨ ᠢᠨᠵᠧᠨᠧᠷᠢᠩ》 ᠢ ᠭᠡᠷᠡᠭᠵᠢᠬᠦᠯᠬᠦ᠂ 《ᠵᠢᠷᠭᠤᠭᠠᠨ ᠠᠵᠢᠯᠯᠠᠭ᠎ᠠ》 ᠶᠢ ᠦᠷᠨᠢᠬᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠠᠶᠢᠮᠠᠭ ᠤᠨ ᠨᠠᠮ ᠤᠨ ᠬᠤᠷᠢᠶᠠᠨ ᠤ 《157》ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠰᠢᠯᠢᠳᠡᠭᠵᠢᠭᠦᠯᠬᠦ᠂ ᠣᠷᠣᠨ ᠪᠦᠰᠡ ᠶᠢᠨ ᠨᠡᠭᠡᠭᠡᠯᠲᠡ ᠲᠠᠢ ᠬᠠᠮᠳᠣᠷᠠᠯᠴᠠᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠤ ᠪᠥᠬᠦ ᠠᠶᠢᠮᠠᠭ ᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠲᠤᠰᠬᠠᠶ ᠪᠠᠶᠢᠴᠠᠭᠠᠨ ᠰᠣᠳᠣᠯᠣᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠶᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠰᠠᠭᠤᠳᠠᠯ ᠤᠨ ᠨᠠᠷᠢᠨ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠠᠩᠬᠠᠷᠴᠤ᠂ ᠠᠵᠤ ᠠᠬᠤᠶᠢᠯᠠᠯ ᠲᠠᠢ ᠬᠠᠮᠳᠣᠷᠠᠨ ᠨᠢᠭᠳᠠᠷᠠᠵᠦ᠂ ᠬᠦᠴᠢᠷ ᠪᠡᠷᠭᠡᠰᠢᠶᠡᠯ ᠢ ᠬᠠᠮᠲᠤ ᠪᠠᠷ ᠲᠤᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠤ 《ᠠᠯᠠᠱᠠ ᠠᠶᠢᠮᠠᠭ ᠤᠨ ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ》 ᠢ ᠰᠤᠳᠤᠯᠵᠤ᠂ ᠬᠡᠷᠡᠭᠯᠡᠭᠡᠨ ᠤ ᠬᠠᠩᠭᠠᠯᠭ᠎ᠠ ᠶᠢ ᠥᠷᠭᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠦᠴᠦᠲᠡᠶ ᠠᠬᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠠᠨᠳᠤᠯᠭᠠᠲᠤ ᠴᠢᠨᠠᠷᠲᠠᠶ ᠪᠠᠷ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠬᠡᠷᠡᠭᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠤ 《ᠠᠯᠠᠱᠠ ᠠᠶᠢᠮᠠᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠰᠤᠷᠭᠠᠨ ᠬᠥᠮᠦᠵᠢᠯ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠠᠵᠢᠯᠯᠠᠭ᠎ᠠ ᠶᠢᠨ ᠲᠥᠰᠦᠯ》 ᠢ ᠰᠤᠳᠤᠯᠵᠤ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠴᠢᠨᠠᠷ ᠰᠠᠶᠢᠲᠠᠶ ᠰᠤᠷᠭᠠᠨ ᠬᠥᠮᠦᠵᠢᠯ ᠢᠶᠠᠷ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠤ ᠪᠠᠰᠠ ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠤᠰᠤᠳ ᠵᠦᠢᠯᠡᠰ ᠢ ᠰᠤᠳᠤᠯᠵᠠᠢ᠃