ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠬᠤᠸᠠᠩ ᠶᠠ ᠯᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠣᠭᠤᠯᠵᠦ ᠲᠤᠬᠠᠢ ᠶᠢᠨ ᠭᠠᠵᠠᠷ ᠲᠤ ᠠᠵᠤ ᠠᠬᠤᠶᠢᠯᠠᠯ ᠢ ᠬᠠᠪᠰᠤᠷᠤᠨ ᠢ ᠨᠢ ᠰᠢᠢᠳᠪᠦᠷᠢᠯᠡᠵᠦ ᠦᠭᠪᠡ
2025 4 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠳᠤ ᠭᠦᠨᠵᠡᠭᠡᠶᠢᠷᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠵᠤ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠪᠣᠳᠠᠲᠠᠶ ᠢ ᠨᠢ ᠰᠢᠢᠳᠪᠦᠷᠢᠯᠡᠵᠦ ᠥᠭᠪᠡ᠃
ᠶᠠᠷᠢᠯᠴᠠᠬᠤ ᠬᠤᠷᠠᠯ ᠳᠡᠭᠡᠷ᠎ᠡ᠂ ᠴᠢᠩ ᠬᠤᠸᠠ ᠪᠦᠯᠦᠭᠯᠡᠯ᠂ ᠯᠢᠩ ᠱᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠷᠠᠳ ᠠᠴᠠ ᠡᠵᠡᠩᠨᠡᠭᠰᠡᠨ 7 ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠢᠳ ᠬᠤᠵᠢᠳ ᠦᠭᠡ ᠬᠡᠯᠡᠵᠦ᠂ ᠨᠢᠭᠡᠳ ᠨᠢᠭᠡ ᠪᠠᠷ ᠠᠰᠠᠭᠤᠳᠠᠯ ᠢᠶᠠᠨ ᠶᠠᠷᠢᠵᠤ᠂ ᠬᠦᠰᠡᠯ ᠱᠠᠭᠠᠷᠳᠠᠯᠭ᠎ᠠ ᠪᠠᠨ ᠳᠡᠪᠰᠢᠬᠦᠯᠵᠦ᠂ ᠰᠠᠨᠠᠭᠤᠯᠭ᠎ᠠ ᠳᠤᠷᠠᠳᠴᠠᠢ᠃ ᠬᠤᠸᠠᠩ ᠶᠠ ᠯᠢ ᠠᠵᠤ ᠠᠬᠤᠶᠢᠯᠠᠯ ᠤᠨ ᠳᠤᠷᠠᠳᠤᠭᠰᠠᠨ ᠤᠰᠤ ᠬᠡᠷᠡᠭᠯᠡᠬᠦ ᠭᠠᠵᠠᠷ ᠬᠡᠷᠡᠭᠯᠡᠬᠦ᠂ ᠴᠡᠪᠡᠷ ᠡᠨᠧᠷᠭᠢ ᠶᠢ ᠰᠢᠩᠭᠡᠭᠡᠨ ᠠᠪᠬᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠤᠴᠠᠭᠠᠬᠤ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠶᠠᠪᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠣᠷᠣᠨ ᠨᠤᠲᠤᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃
ᠬᠤᠸᠠᠩ ᠶᠠ ᠯᠢ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠠᠴᠠ ᠡᠵᠡᠩᠨᠡᠭᠰᠡᠨ ᠠᠵᠤ ᠠᠬᠤᠢ ᠭᠡᠬᠦ ᠡᠨᠡ ᠬᠦ ᠭᠤᠣᠯ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠢᠯᠡᠴᠢᠯᠡᠬᠦ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠲᠡᠷᠢᠭᠦᠨ ᠤ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ 《ᠰᠠᠶᠢᠨ ᠦᠢᠯᠡᠴᠢᠯᠡᠭᠴᠢ》 ᠪᠤᠯᠵᠤ᠂ ᠤᠷᠢᠳᠠᠪᠠᠷ ᠬᠦᠴᠦᠯᠡᠵᠦ᠂ ᠲᠦᠷᠦ ᠶᠢᠨ ᠪᠤᠳᠤᠯᠭ᠎ᠠ ᠶᠢ ᠣᠨᠣᠪᠴᠢᠳᠠᠢ ᠬᠡᠷᠡᠭᠵᠢᠭᠦᠯᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠬᠦᠴᠦᠨ ᠵᠦᠢᠯ ᠤᠨ ᠪᠠᠲᠤᠯᠠᠭ᠎ᠠ᠂ ᠡᠬᠢ ᠪᠠᠶᠠᠯᠢᠭ ᠤᠨ ᠲᠤᠬᠢᠷᠠᠭᠤᠯᠤᠯᠳᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠴᠢᠳᠠᠪᠤᠷᠢᠲᠠᠨ ᠢ ᠲᠠᠲᠠᠵᠤ ᠠᠵᠢᠯᠴᠢᠨ ᠬᠡᠷᠡᠭᠯᠡᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ 《ᠳᠠᠭᠠᠷᠠᠭᠰᠠᠨ ᠦᠶ᠎ᠡ ᠳᠤᠨᠢ ᠳᠠᠬᠤ ᠬᠦᠷᠭᠡᠬᠦ》ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠢᠯᠡᠴᠢᠯᠡᠭᠡ ᠪᠠᠨ ᠠᠵᠤ ᠠᠬᠤᠶᠢᠯᠠᠯ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠡᠬᠢ ᠪᠠᠶᠠᠯᠢᠭ ᠤᠨ ᠬᠦᠴᠦᠨ ᠵᠦᠢᠯ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ᠂ ᠬᠠᠤᠯᠢ ᠭᠡᠷᠡᠭᠵᠢᠬᠦᠯᠬᠦ ᠪᠠᠶᠢᠴᠠᠭᠠᠯᠲᠠ᠂ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠦᠴᠦᠨ ᠴᠢᠳᠠᠯ ᠢ ᠨᠡᠩ ᠰᠠᠶᠢᠲᠤᠷ ᠨᠢᠭᠲᠠᠷᠠᠭᠤᠯᠵᠤ᠂ ᠡᠬᠢ ᠪᠠᠶᠠᠯᠢᠭ ᠢ ᠬᠤᠷᠠᠮᠳᠤᠭᠤᠯᠤᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠠᠳᠬᠤᠬᠤ ᠶᠢᠨ ᠬᠠᠮᠲᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ ᠭᠡᠪᠡ᠃
ᠬᠤᠸᠠᠩ ᠶᠠ ᠯᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠬᠢᠨ ᠠᠵᠤ ᠠᠬᠤᠶᠢᠯᠠᠯ ᠢ ᠬᠠᠪᠰᠤᠷᠤᠨ ᠢ ᠨᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠭᠠᠷᠭᠠᠭᠰᠠᠨ ᠢ ᠣᠶᠢᠯᠠᠭᠠᠭᠠᠳ ᠳᠡᠬᠦᠨ ᠢ ᠬᠦᠢᠴᠡᠳ ᠨᠤᠲᠠᠯᠠᠵᠤ᠂ ᠡᠯ᠎ᠡ ᠬᠤᠰᠢᠭᠤ ᠪᠣᠯᠤᠨ ᠠᠵᠤ ᠠᠬᠤᠶᠢᠯᠠᠯ ᠳᠤ ᠬᠤᠯᠪᠣᠭᠳᠠᠬᠤ ᠡᠯ᠎ᠡ ᠱᠠᠲᠤᠨ ᠤ ᠰᠠᠯᠠᠭ᠎ᠠ ᠮᠥᠴᠢᠷ ᠤᠨ ᠬᠢᠨ ᠲᠣᠭᠲᠠᠴᠠ ᠪᠠᠨ ᠲᠡᠭᠦᠯᠳᠡᠷᠵᠢᠭᠦᠯᠵᠦ᠂ ᠠᠴᠢᠶᠠᠯᠠᠪᠤᠷᠢ ᠪᠠᠨ ᠰᠢᠨᠡᠴᠢᠯᠡᠵᠦ᠂ ᠭᠤᠣᠯ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠦᠭᠦᠯᠡᠨ ᠳᠠᠭᠤᠷᠢᠶᠠᠯ ᠪᠣᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠣᠨᠣᠪᠴᠢᠳᠠᠢ ᠪᠠᠶᠢᠩᠭᠤ ᠰᠠᠶᠢᠲᠤᠷ ᠥᠷᠨᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠠᠬᠢ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠨ ᠥᠭᠴᠦ᠂ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃