ᠵᠤᠬᠢᠶᠠᠭᠴᠢ:
ᠴᠠᠭ:2025-03-28
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠪᠠᠶ ᠬᠠᠶ ᠯᠢᠨ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
2025 3 ᠳ᠋ᠤᠭᠠᠷ ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠶᠢᠦ ᠪᠠᠩ ᠠᠭᠤᠷᠬᠠᠶ ᠶᠢᠨ ᠦᠢᠯᠡᠰ ᠤᠨ ᠺᠣᠮᠫᠠᠨᠢ᠂ ᠰᠢ ᠠᠭᠤᠷᠬᠠᠶ ᠶᠢᠨ ᠦᠢᠯᠡᠰ ᠤᠨ ᠺᠣᠮᠫᠠᠨᠢ ᠭᠦᠨᠵᠡᠭᠡᠶᠢᠷᠡᠵᠦ᠂ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
ᠶᠢᠣ ᠪᠠᠩ ᠠᠭᠤᠷᠬᠠᠢ ᠶᠢᠨ ᠦᠢᠯᠡᠰ ᠤᠨ ᠬᠦᠬᠡ ᠱᠠᠯᠠ ᠳᠡᠬᠢ ᠬᠠᠷ᠎ᠠ ᠲᠤᠭᠤᠯᠭ᠎ᠠ ᠴᠠᠶᠢᠷ ᠮᠥᠩᠭᠦ ᠵᠡᠰ ᠤᠨ ᠠᠭᠤᠷᠬᠠᠢ ᠳᠤ᠂ ᠪᠠᠢ ᠬᠠᠢ ᠯᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ ᠬᠥᠭᠵᠢᠯᠲᠡ ᠬᠢᠭᠡᠳ ᠠᠮᠤᠷ ᠲᠦᠪᠰᠢᠨ᠂ ᠬᠥᠭᠵᠢᠯᠲᠡ ᠬᠢᠭᠡᠳ ᠠᠮᠢ ᠠᠬᠤᠶ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠵᠢᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠷᠢᠭᠦᠨ ᠤ ᠮᠡᠷᠭᠡᠵᠢᠯ ᠲᠥᠬᠦᠭᠡᠷᠦᠮᠵᠢ ᠶᠢ ᠢᠳᠡᠪᠬᠢᠲᠡᠶ ᠬᠡᠷᠡᠭᠯᠡᠨ᠂ ᠠᠭᠤᠷᠬᠠᠶ ᠡᠷᠢᠬᠦ ᠡᠷᠴᠢᠮ ᠢᠶᠠᠨ ᠬᠦᠴᠦᠯᠡᠨ ᠴᠢᠩᠭᠠᠷᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ ᠭᠡᠵᠡᠶ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠵᠤ᠂ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ ᠬᠡᠵᠦ ᠴᠢᠬᠤᠯᠠᠴᠢᠯᠠᠪᠠ᠃
ᠰᠢ ᠠᠭᠤᠷᠬᠠᠢ ᠶᠢᠨ ᠦᠢᠯᠡᠰ ᠤᠨ ᠺᠣᠮᠫᠠᠨᠢ ᠳᠤ᠂ ᠪᠠᠢ ᠬᠠᠢ ᠯᠢᠨ ᠵᠣᠯᠵᠠᠭ᠎ᠠ ᠠᠯᠲᠠᠨ ᠤ ᠠᠭᠤᠷᠬᠠᠢ ᠶᠢᠨ ᠵᠠᠯᠭᠠᠮᠵᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠦᠢᠯᠡᠳᠪᠦᠷᠢᠯᠡᠯ ᠤᠨ ᠮᠡᠷᠭᠡᠵᠢᠯ᠂ ᠡᠵᠡᠩᠨᠡᠯᠲᠡ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠢᠯᠯᠠᠵᠤ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃ ᠲᠡᠷᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠤᠬᠢᠶᠠᠵᠤ ᠰᠢᠯᠢᠬᠦ᠂ ᠡᠳ᠋ᠰᠢᠭᠦᠯᠬᠦ ᠪᠦᠬᠦ ᠬᠡᠯᠬᠢᠶ᠎ᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠭᠤᠷᠬᠠᠶ ᠶᠢᠨ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠠᠯᠠᠱᠠ ᠵᠡᠭᠦᠨ ᠬᠤᠰᠢᠭᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠷᠢᠳᠠᠪᠠᠷ ᠦᠢᠯᠡᠴᠢᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠣᠨᠣᠪᠴᠢᠳᠠᠢ ᠪᠠᠷ ᠵᠢᠯᠣᠭᠤᠳᠤᠨ ᠬᠠᠪᠰᠤᠷᠴᠤ᠂ ᠲᠦᠷᠦᠯ ᠵᠦᠢᠯ ᠢ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃