ᠵᠤᠬᠢᠶᠠᠭᠴᠢ:
ᠴᠠᠭ:2025-04-25
ᠥᠵᠡᠭᠰᠡᠨ : ℃
ᠢᠷᠡᠯᠲᠡ:
ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ
2025 4 ᠰᠠᠷ᠎ᠠ ᠶᠢᠨ 21 ᠤ ᠡᠳᠦᠷ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠠ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ᠂ ᠪᠥᠬᠦ ᠠᠶᠢᠮᠠᠭ ᠤᠨ ᠬᠦᠴᠦᠨ ᠢ ᠳᠠᠶᠢᠴᠢᠯᠠᠨ ᠰᠤᠷᠭᠠᠨ ᠬᠥᠮᠦᠵᠢᠯ ᠤᠨ ᠬᠦᠴᠦᠷᠭᠡᠭ ᠠᠶᠢᠮᠠᠭ ᠢ ᠲᠦᠷᠬᠡᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠭᠢᠯᠡᠪᠡ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠣᠳᠣᠷᠢᠳᠣᠯᠭ᠎ᠠ ᠬᠤᠷᠠᠯ ᠳᠤ ᠣᠷᠣᠯᠴᠠᠵᠠᠶ᠃ ᠬᠤᠷᠠᠯ ᠳᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠠᠶᠢᠯᠪᠤᠷᠢᠯᠠᠵᠤ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠬᠤᠪᠢ ᠬᠥᠮᠦᠨ ᠢ ᠰᠠᠶᠢᠰᠢᠶᠠᠨ ᠬᠦᠬᠢᠬᠦᠯᠵᠦ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠯᠠᠱᠠ ᠵᠡᠭᠦᠨ ᠬᠤᠰᠢᠭᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠣᠯᠤᠨ ᠪᠥᠬᠦ ᠤᠯᠤᠰ ᠤᠨ ᠰᠢᠯᠢᠳᠡᠭ ᠪᠠᠭᠰᠢ ᠸᠠᠩ ᠵᠢᠶᠠᠨ ᠰᠢᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
ᠬᠤᠸᠠᠩ ᠶᠠ ᠯᠢ᠂ ᠠᠶᠢᠯ ᠪᠣᠯᠭᠠᠨ ᠳᠤ ᠰᠣᠷᠣᠯᠭ᠎ᠠ ᠶᠢᠨ ᠠᠶᠠᠨ ᠢ ᠬᠦᠭᠡᠭᠡᠵᠦ ᠪᠠᠶᠢᠭ᠎ᠠ ᠰᠣᠷᠣᠭᠴᠢ ᠪᠣᠢ᠂ ᠰᠤᠷᠭᠠᠨ ᠬᠥᠮᠦᠵᠢᠯ ᠪᠣᠯ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ ᠵᠠᠩᠭᠢᠯᠠᠭ᠎ᠠ ᠶᠢᠨ ᠴᠢᠬᠤᠯᠠ ᠶᠠᠪᠤᠳᠠᠯ ᠮᠥᠨ᠃ ᠣᠶᠢᠷ᠎ᠠ ᠶᠢᠨ ᠬᠤᠶᠠᠷ ᠵᠢᠯ ᠳᠤ᠂ ᠪᠢᠳᠡ ᠶᠡᠭᠡ ᠬᠦᠴᠦ ᠣᠷᠣᠭᠤᠯᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠰᠤᠷᠭᠠᠨ ᠬᠥᠮᠦᠵᠢᠯ ᠤᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠡᠯ᠎ᠡ ᠱᠠᠲᠤᠨ ᠤ ᠬᠢᠨ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠰᠤᠷᠭᠠᠨ ᠬᠥᠮᠦᠵᠢᠯ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠪᠣᠶ ᠪᠣᠯᠭᠠᠵᠤ᠂ ᠬᠠᠷᠠᠭ᠎ᠠ ᠪᠠᠨ ᠰᠤᠷᠭᠠᠨ ᠬᠥᠮᠦᠵᠢᠯ ᠤᠨ ᠬᠦᠷᠢᠶᠡᠨ ᠠᠴᠠ ᠳᠡᠯᠡᠵᠦ ᠰᠤᠷᠭᠠᠨ ᠬᠥᠮᠦᠵᠢᠯ ᠢ ᠦᠵᠡᠵᠦ᠂ ᠪᠥᠬᠦ ᠲᠠᠯ᠎ᠠ ᠳᠤ ᠰᠠᠭᠤᠷᠢᠯᠠᠨ ᠰᠤᠷᠭᠠᠨ ᠬᠥᠮᠦᠵᠢᠯ ᠢ ᠠᠳᠬᠤᠵᠤ᠂ ᠠᠯᠤᠰ ᠬᠡᠲᠦ ᠶᠢ ᠪᠣᠳᠣᠯᠬᠢᠯᠠᠨ ᠰᠤᠷᠭᠠᠨ ᠬᠥᠮᠦᠵᠢᠯ ᠢ ᠡᠷᠭᠢᠯᠡᠵᠦ᠂ ᠠᠯᠠᠱᠠ ᠶᠢᠨ ᠬᠡᠤᠬᠡᠳ ᠢ ᠴᠥᠮ ᠰᠠᠶᠢᠨ ᠰᠤᠷᠤᠯᠴᠠᠵᠤ᠂ ᠰᠠᠶᠢᠨ ᠢᠷᠡᠭᠡᠳᠦᠶ ᠲᠠᠢ ᠪᠣᠯᠭᠠᠬᠤ ᠬᠡᠷᠡᠭᠲᠡᠶ᠃ ᠰᠤᠷᠭᠠᠨ ᠬᠥᠮᠦᠵᠢᠯ ᠤᠨ ᠬᠦᠴᠦᠷᠭᠡᠭ ᠠᠶᠢᠮᠠᠭ ᠢ ᠪᠠᠶᠢᠭᠤᠯᠬᠤ ᠳᠤ ᠭᠤᠣᠯᠳᠠᠯᠭ᠎ᠠ ᠨᠢ《ᠳᠦᠷᠪᠡᠨ ᠨᠡᠩ ᠰᠢᠯᠢᠳᠡᠭ》 ᠢ ᠪᠡᠶᠡᠯᠡᠬᠦᠯᠬᠦ ᠳᠤ ᠪᠠᠶᠢᠨ᠎ᠠ᠄ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠨᠠᠩ ᠰᠢᠯᠢᠳᠡᠭᠵᠢᠭᠦᠯᠵᠦ᠂ ᠣᠶᠢᠷ᠎ᠠ ᠬᠠᠪᠢ ᠳᠤᠨᠢ᠂ ᠳᠦᠪᠯᠡᠷᠡᠬᠦᠯᠬᠦ ᠵᠠᠷᠴᠢᠮ ᠢ ᠪᠠᠷᠢᠮᠲᠠᠯᠠᠨ᠂ ᠰᠤᠷᠭᠠᠨ ᠬᠥᠮᠦᠵᠢᠯ ᠤᠨ ᠴᠦᠬᠡᠨ ᠡᠬᠢ ᠪᠠᠶᠠᠯᠢᠭ ᠢ ᠳᠦᠪᠯᠡᠷᠡᠬᠦᠯᠵᠦ᠂ ᠰᠣᠷᠭᠠᠭᠤᠯᠢ ᠶᠢ ᠰᠢᠨᠵᠢᠯᠡᠬᠦ ᠣᠬᠠᠭᠠᠨᠴᠢ ᠪᠠᠷ ᠪᠠᠶᠢᠷᠢᠰᠢᠭᠤᠯᠵᠦ᠂ ᠪᠠᠭᠰᠢ ᠶᠢ ᠨᠠᠷᠢᠯᠢᠭ ᠳᠣᠬᠢᠷᠠᠭᠤᠯᠬᠤ ᠬᠡᠷᠡᠭᠳᠡᠢ︔ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠨᠡᠩ ᠰᠢᠯᠢᠳᠡᠭᠵᠢᠬᠦᠯᠵᠦ᠂ ᠴᠢᠨᠠᠷ ᠴᠢᠨᠰᠠᠭ᠎ᠠ ᠪᠠᠷ ᠰᠤᠷᠭᠠᠨ ᠬᠥᠮᠦᠵᠢᠯ ᠢ ᠬᠥᠭᠵᠢᠭᠦᠯᠬᠦ᠂ ᠴᠢᠨᠠᠷ ᠴᠢᠨᠰᠠᠭ᠎ᠠ ᠪᠠᠷ ᠰᠤᠷᠭᠠᠨ ᠬᠥᠮᠦᠵᠢᠯ ᠢ ᠬᠦᠴᠦᠷᠭᠡᠭᠵᠢᠬᠦᠯᠬᠦ ᠶᠢ ᠪᠠᠷᠢᠮᠲᠠᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠴᠢᠨᠠᠷ ᠰᠠᠶᠢᠲᠠᠶ ᠲᠦᠭᠡᠮᠡᠯ ᠬᠠᠷᠠᠭᠠᠯᠵᠠᠯ ᠬᠦᠷᠲᠡᠭᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠣᠨᠴᠠᠯᠢᠭ ᠲᠠᠢ ᠪᠠᠶᠢᠯᠭᠠᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠣᠯᠠᠨ ᠡᠰᠢᠴᠢᠯᠡᠬᠦ ᠶᠢ ᠪᠠᠷᠢᠮᠲᠠᠯᠠᠵᠤ᠂ ᠬᠡᠤᠬᠡᠳ ᠢ ᠬᠡᠷ ᠤᠨ ᠡᠭᠦᠳᠡᠨ ᠳᠤᠨᠢ ᠥᠨᠳᠥᠷ ᠬᠢᠷᠢ ᠲᠦᠪᠰᠢᠨ ᠪᠥᠬᠦᠶ ᠰᠤᠷᠭᠠᠨ ᠬᠥᠮᠦᠵᠢᠯ ᠬᠦᠷᠲᠡᠭᠡᠬᠦ ᠶᠢ ᠠᠬᠢᠭᠤᠯᠬᠤ ᠬᠡᠷᠡᠭᠳᠡᠢ︔ ᠪᠠᠭᠰᠢ ᠶᠢᠨ ᠡᠩᠨᠡᠭᠡ ᠨᠠᠩ ᠰᠢᠯᠢᠳᠡᠭᠵᠢᠬᠦᠯᠵᠦ᠂ ᠭᠠᠳᠠᠨ᠎ᠠ ᠠᠴᠠ ᠣᠷᠢᠬᠤ ᠳᠣᠳᠣᠭᠠᠳᠣ ᠳᠠᠭᠠᠨ ᠬᠥᠮᠥᠵᠢᠭᠦᠯᠬᠦ ᠶᠢ ᠵᠡᠷᠭᠡᠪᠡᠷ ᠠᠳᠬᠤᠵᠤ᠂ ᠪᠠᠭᠰᠢ ᠶᠢᠨ ᠮᠣᠷᠠᠯ ᠨᠢ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠨᠢ ᠵᠦᠶ ᠵᠣᠬᠢᠰᠲᠠᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠶ︔ ᠰᠣᠷᠭᠠᠨ ᠬᠦᠮᠦᠵᠢᠯ ᠤᠨ ᠣᠷᠴᠢᠨ ᠢ ᠨᠡᠩ ᠰᠢᠯᠢᠳᠡᠭᠵᠢᠬᠦᠯᠵᠦ᠂ ᠰᠣᠷᠭᠠᠨ ᠬᠦᠮᠦᠵᠢᠯ ᠢ《ᠡᠩ ᠲᠡᠷᠢᠬᠦᠨ ᠳᠤ ᠪᠠᠳᠣᠯᠠᠬᠤ》 ᠶᠢ ᠡᠷᠡᠰ ᠬᠦᠢᠴᠡᠳᠭᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢ ᠡᠩ ᠲᠡᠷᠢᠭᠦᠨ ᠳᠤ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠡᠩ ᠲᠡᠷᠢᠭᠦᠨ ᠳᠤ ᠳᠣᠭᠢᠷᠠᠭᠤᠯᠣᠨ᠂ ᠰᠤᠷᠭᠠᠨ ᠬᠥᠮᠦᠵᠢᠯ ᠤᠨ ᠠᠰᠠᠭᠤᠳᠠᠯ ᠢ ᠤᠷᠢᠳᠠᠪᠠᠷ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠢᠳᠡᠪᠡᠷ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠢ ᠴᠢᠬᠤᠯᠠᠴᠢᠯᠠᠬᠤ᠂ ᠰᠤᠷᠭᠠᠨ ᠬᠥᠮᠦᠵᠢᠯ ᠢ ᠳᠡᠮᠵᠢᠬᠦ᠂ ᠰᠤᠷᠭᠠᠨ ᠬᠥᠮᠦᠵᠢᠯ ᠢ ᠬᠥᠭᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠳᠡᠢ ᠭᠡᠪᠡ᠃
ᠬᠤᠸᠠᠩ ᠶᠠ ᠯᠢ᠂ ᠰᠤᠷᠭᠠᠨ ᠬᠥᠮᠦᠵᠢᠯ ᠤᠨ ᠬᠦᠴᠦᠷᠬᠡᠭ ᠠᠶᠢᠮᠠᠭ ᠢ ᠪᠠᠶᠢᠭᠤᠯᠬᠤ ᠳᠤ ᠵᠠᠩᠭᠢᠯᠠᠭ᠎ᠠ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠪᠠᠶᠢᠨ᠎ᠠ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠦᠬᠡᠳ ᠠᠴᠠ ᠡᠬᠢᠯᠡᠨ ᠠᠳᠬᠤᠬᠤ᠂ ᠰᠤᠷᠭᠠᠭᠤᠯᠢ ᠠᠴᠠ ᠡᠬᠢᠯᠡᠨ ᠠᠳᠬᠤᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠶᠢ ᠵᠢᠭᠠᠬᠤ ᠶᠢᠨ ᠳᠠᠭᠠᠤ ᠬᠥᠮᠦᠵᠢᠭᠦᠯᠬᠦ ᠪᠦᠬᠦ ᠶᠠᠪᠤᠴᠠ ᠳᠤ ᠰᠠᠶᠢᠲᠤᠷ ᠠᠭᠤᠰᠤᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠨᠡᠭᠡᠭᠡᠵᠦ᠂《ᠠᠮᠢᠳᠣᠯᠢᠭ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ》 ᠢ ᠬᠦᠴᠦᠯᠡᠨ ᠳᠣᠬᠢᠷᠠᠭᠤᠯᠵᠦ᠂ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠪᠤᠢ ᠪᠣᠯᠭᠠᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠭᠰᠢ ᠶᠢ ᠨᠢᠭᠡᠳᠦᠯᠲᠡᠢ ᠲᠥᠯᠥᠪᠵᠢᠭᠦᠯᠬᠦ᠂ ᠲᠡᠩᠴᠡᠭᠦᠷᠢᠲᠡᠢ ᠲᠤᠬᠢᠷᠠᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠲᠤᠭ᠎ᠠ ᠶᠢ ᠳᠣᠬᠢᠷᠠᠭᠤᠯᠬᠤ᠂ ᠰᠣᠯᠢᠯᠴᠠᠬᠤ ᠠᠵᠢᠯ ᠤᠨ ᠪᠠᠶᠢᠷᠢ ᠳᠤ ᠡᠭᠡᠯᠵᠢᠯᠡᠬᠦ᠂ ᠰᠤᠷᠭᠠᠨ ᠬᠥᠮᠦᠵᠢᠯ ᠢ ᠳᠡᠮᠵᠢᠬᠦ᠂ ᠪᠠᠭᠰᠢ ᠶᠢ ᠪᠣᠯᠪᠠᠰᠣᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠭᠲᠠ ᠰᠠᠶᠢᠲᠤᠷ ᠬᠢᠵᠦ᠂ ᠡᠯ᠎ᠡ ᠰᠤᠷᠭᠠᠭᠤᠯᠢ ᠶᠢ ᠨᠢᠭᠡᠳᠦᠯᠲᠡᠢ ᠬᠤᠪᠢᠶᠠᠷᠢᠯᠠᠬᠤ᠂ ᠤᠢᠷ᠎ᠠ ᠬᠠᠪᠢ ᠳᠠᠭᠠᠨ ᠳᠦᠭᠦᠮ ᠢᠶᠠᠷ ᠰᠤᠷᠤᠭᠴᠢ ᠡᠯᠰᠡᠬᠦ ᠶᠢ ᠠᠬᠢᠭᠤᠯᠵᠤ᠂ ᠡᠯ᠎ᠡ ᠦᠨᠳᠦᠰᠦᠲᠡᠨ ᠤ ᠰᠤᠷᠤᠭᠴᠢᠳ ᠨᠢᠬᠡ ᠰᠤᠷᠭᠠᠭᠤᠯᠢ ᠳᠤ ᠨᠢᠬᠡ ᠠᠩᠬᠢ ᠳᠤ ᠬᠠᠮᠳᠣ ᠰᠤᠷᠤᠯᠴᠠᠬᠤ᠂ ᠬᠠᠷᠢᠯᠴᠠᠨ ᠰᠤᠷᠤᠯᠴᠠᠵᠤ ᠬᠠᠮᠲᠤ ᠪᠠᠷ ᠠᠭᠤᠰᠤᠯᠴᠠᠬᠤ ᠶᠢ ᠠᠬᠢᠭᠤᠯᠵᠤ᠂ ᠬᠡᠦᠬᠡᠳ ᠤᠳ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠨᠡᠩ ᠡᠷᠲᠡ ᠨᠡᠩ ᠰᠠᠶᠢᠲᠤᠷ ᠡᠵᠡᠮᠰᠢᠬᠦᠯᠵᠦ᠂ ᠢᠷᠡᠭᠡᠳᠦᠢ ᠳᠤ ᠨᠡᠩ ᠥᠨᠳᠥᠷ ᠨᠡᠩ ᠬᠤᠯᠠ ᠳᠡᠪᠰᠢᠬᠦ ᠶᠢ ᠠᠬᠢᠭᠤᠯᠬᠤ ᠬᠡᠷᠡᠭᠲᠡᠢ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂《ᠨᠠᠶᠢᠳᠠᠨ ᠠᠰᠠᠷᠠᠭᠤᠯᠬᠤ》ᠬᠡᠷᠡᠭᠴᠡᠭᠡ ᠶᠢ ᠬᠠᠩᠭᠠᠬᠤ ᠪᠠ ᠬᠡᠦᠬᠡᠳ ᠰᠠᠭᠠᠲᠠᠭᠤᠯᠬᠤ ᠬᠠᠩᠭᠠᠯᠭ᠎ᠠ ᠶᠢᠨ ᠴᠢᠨᠠᠷ ᠴᠢᠨᠰᠠᠭ᠎ᠠ ᠠᠨᠠᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ᠂ ᠬᠡᠤᠬᠡᠳ ᠰᠠᠭᠠᠲᠠᠭᠤᠯᠬᠤ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠵᠦ᠂ ᠪᠠᠶᠢᠷᠢᠰᠢᠯ ᠨᠢ ᠵᠦᠶ ᠵᠣᠬᠢᠰᠲᠠᠶ᠂ ᠭᠤᠤᠯ ᠴᠣᠭᠴᠠ ᠨᠢ ᠣᠯᠠᠨ ᠡᠰᠢᠵᠢᠭᠰᠡᠨ᠂ ᠬᠥᠭᠵᠢᠯᠲᠡ ᠨᠢ ᠵᠢᠷᠤᠮᠵᠢᠭᠰᠠᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠰᠤᠵᠤ ᠨᠡᠶᠢᠯᠡᠭᠦᠯᠬᠦ᠂ ᠪᠠᠭᠲᠠᠭᠠᠮᠵᠢ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠠᠭᠰᠢ ᠶᠢ ᠨᠢᠭᠡᠳᠦᠯᠲᠡᠶ ᠳᠣᠬᠢᠷᠠᠭᠤᠯᠬᠤ᠂ ᠡᠷᠳᠡᠮ ᠤᠨ ᠴᠣᠯᠠ ᠶᠢ ᠨᠡᠮᠡᠨ ᠳᠣᠬᠢᠷᠠᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠪᠦᠯᠦᠭᠵᠢᠭᠦᠯᠦᠨ ᠰᠤᠷᠭᠠᠭᠤᠯᠢ ᠡᠷᠭᠢᠯᠡᠬᠦ᠂ ᠬᠤᠤᠰᠯᠠᠨ ᠬᠠᠮᠲᠤ ᠪᠠᠷ ᠪᠠᠶᠢᠭᠤᠯᠬᠤ᠂ ᠪᠠᠭᠰᠢ ᠶᠢ ᠰᠣᠯᠢᠯᠴᠠᠭᠤᠯᠬᠤ ᠪᠠ ᠰᠢᠯᠢᠳᠡᠭ ᠰᠣᠷᠣᠭᠴᠢ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂《ᠨᠢᠭᠡ ᠰᠤᠷᠭᠠᠭᠤᠯᠢ ᠳᠤ ᠨᠢᠭᠡ ᠪᠣᠳᠣᠯᠭ᠎ᠠ ᠠᠪᠬᠤ》ᠰᠤᠷᠭᠠᠭᠤᠯᠢ ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ ᠵᠢᠭᠠᠨ ᠰᠤᠷᠭᠠᠯᠲᠠ ᠶᠢᠨ ᠵᠥᠷᠢᠶ᠎ᠡ ᠶᠢ ᠪᠦᠲᠦᠮᠵᠢᠲᠡᠶ ᠪᠠᠭᠠᠰᠬᠠᠬᠤ ᠬᠡᠷᠡᠭᠲᠡᠶ᠃ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠦᠬᠦ ᠬᠦᠴᠤᠨ ᠢᠶᠠᠷ ᠳᠡᠬᠡᠭᠰᠢᠯᠡᠬᠦᠯᠤᠨ᠂ ᠡᠯ᠎ᠡ ᠬᠤᠰᠢᠭᠤ ᠣᠷᠣᠨ ᠬᠦᠴᠤᠨ ᠢᠶᠠᠨ ᠲᠦᠪᠯᠡᠷᠡᠬᠦᠯᠤᠨ 1 ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢ ᠰᠠᠶᠢᠳᠤᠷ ᠡᠷᠬᠢᠯᠡᠵᠤ᠂ ᠤᠷᠤᠨ ᠤ ᠳᠤᠳᠤᠨ᠎ᠠ ᠭᠠᠳᠠᠨᠠᠬᠢ ᠨᠡᠷᠡᠳᠤ ᠰᠢᠯᠢᠳᠡᠭ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ᠂ ᠰᠢᠯᠢᠳᠡᠭ ᠰᠤᠷᠭᠠᠨ ᠬᠦᠮᠤᠵᠢᠯ ᠤᠨ ᠪᠦᠯᠦᠭᠯᠡᠯ ᠯᠦᠭᠡ ᠶᠢᠨ ᠬᠦᠨᠵᠡᠬᠡᠢ ᠬᠠᠮᠳᠤᠷᠠᠯᠴᠠᠭ᠎ᠠ ᠪᠠᠨ ᠴᠢᠩᠭᠠᠤᠨᠬᠠᠨ᠂ ᠨᠠᠩ ᠤᠯᠠᠨ ᠰᠢᠯᠢᠳᠡᠭ ᠰᠤᠷᠭᠠᠨ ᠬᠦᠮᠤᠵᠢᠯ ᠤᠨ ᠡᠬᠢ ᠪᠠᠶᠠᠯᠢᠭ ᠢ ᠳᠠᠳᠠᠨ ᠤᠷᠤᠭᠤᠯᠵᠤ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠪᠠ ᠭᠤᠤᠯᠳᠠᠯᠭᠠᠳᠤ ᠰᠢᠨᠵᠢᠯᠡᠬᠡᠨ ᠤ ᠭᠤᠤᠯᠯᠠᠭᠴᠢ ᠪᠠᠭᠰᠢ ᠶᠢ ᠳᠤᠬᠢᠷᠠᠭᠤᠯᠵᠤ᠂ ᠤᠶᠤᠨᠴᠢ ᠰᠤᠷᠭᠠᠨ ᠬᠦᠮᠤᠵᠢᠯ ᠤᠨ ᠲᠠᠪᠴᠠᠩ ᠢ ᠬᠦᠢᠴᠡᠳ ᠰᠠᠶᠢᠳᠤᠷ ᠬᠡᠷᠡᠭᠯᠡᠵᠤ᠂ ᠶᠡᠭᠡ ᠳᠡᠭᠡᠳᠦ ᠰᠣᠷᠭᠠᠭᠤᠯᠢ ᠳᠤ ᠡᠯᠰᠡᠬᠦ ᠤᠯᠤᠰ ᠤᠨ ᠨᠢᠬᠡᠳᠤᠯᠳᠠᠢ ᠰᠢᠯᠭᠠᠯᠳᠠ ᠳᠤ ᠪᠡᠯᠡᠳᠬᠡᠬᠦ ᠡᠯ᠎ᠡ ᠵᠦᠢᠯ ᠤᠨ ᠠᠵᠢᠯ ᠢ ᠨᠠᠷᠢᠯᠢᠭ ᠤᠨᠤᠪᠴᠢᠳᠠᠢ ᠰᠠᠶᠢᠳᠤᠷ ᠬᠢᠵᠤ᠂ ᠰᠤᠷᠭᠠᠨ ᠬᠦᠮᠤᠵᠢᠯ ᠤᠨ ᠵᠢᠭᠠᠨ ᠰᠤᠷᠭᠠᠯᠳᠠ ᠶᠢᠨ ᠲᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠠᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠠᠵᠤ ᠦᠢᠯᠡᠰ ᠤᠨ ᠲᠣᠭᠤᠷᠢᠨ ᠳᠤ ᠲᠤᠰᠬᠠᠶ ᠮᠡᠷᠭᠡᠵᠢᠯ ᠡᠷᠭᠢᠯᠡᠬᠦ᠂ ᠲᠤᠰᠬᠠᠶ ᠮᠡᠷᠭᠡᠵᠢᠯ ᠢ ᠰᠠᠶᠢᠲᠤᠷ ᠡᠷᠭᠢᠯᠡᠵᠦ ᠠᠵᠤ ᠦᠢᠯᠡᠰ ᠢ ᠠᠬᠢᠭᠤᠯᠬᠤ ᠶᠢ ᠪᠠᠷᠢᠮᠲᠠᠯᠠᠵᠤ᠂ ᠨᠠᠩ ᠣᠯᠠᠨ ᠣᠨᠴᠠᠯᠢᠭᠲᠤ ᠳᠠᠪᠠᠭᠤᠯᠢᠭ ᠲᠤᠰᠬᠠᠶ ᠮᠡᠷᠭᠡᠵᠢᠯ ᠢ ᠪᠣᠶ ᠪᠣᠯᠭᠠᠵᠤ᠂ ᠨᠠᠩ ᠣᠯᠠᠨ ᠬᠡᠷᠡᠭᠯᠡᠭᠡᠨ ᠤ ᠬᠡᠯᠪᠡᠷᠢ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠵᠦ᠂ ᠰᠤᠷᠤᠭᠴᠢᠳ ᠢ ᠲᠡᠭᠦᠰᠬᠡᠪᠡᠯ ᠳᠠᠷᠤᠶ ᠠᠵᠢᠯ ᠣᠯᠭᠤᠬᠤ ᠪᠠᠷ ᠴᠢᠷᠮᠠᠶᠢᠬᠤ ᠬᠡᠷᠡᠭᠲᠡᠶ ᠭᠡᠪᠡ᠃
ᠬᠤᠸᠠᠩ ᠶᠠ ᠯᠢ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠳᠠᠪᠤᠷᠢᠲᠠᠨ ᠣᠷᠣᠭᠤᠯᠵᠦ ᠠᠪᠴᠢᠷᠠᠬᠤ《ᠤᠷᠢᠳᠠᠴᠢ ᠠᠵᠢᠯ》 ᠢ ᠰᠠᠶᠢᠲᠤᠷ ᠬᠢᠵᠦ᠂ ᠴᠢᠳᠠᠪᠤᠷᠢ ᠶᠢ ᠳᠡᠭᠡᠭᠰᠢᠯᠡᠭᠦᠯᠬᠦ《ᠰᠠᠨᠠᠭᠠᠴᠢᠯᠠᠭᠠᠲᠤ ᠳᠠᠶᠢᠯᠠᠯᠳᠤᠭᠠᠨ》 ᠢ ᠰᠠᠶᠢᠲᠤᠷ ᠬᠢᠵᠦ᠂ ᠴᠢᠩᠭ᠎ᠠ ᠬᠠᠮᠢᠶᠠᠷᠬᠤ《ᠬᠠᠮ ᠠᠷᠭ᠎ᠠ ᠬᠡᠮᠵᠢᠶ᠎ᠡ》 ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠤᠷᠭᠠᠭᠤᠯᠢ ᠶᠢᠨ ᠱᠦᠵᠢ ᠪᠣᠯᠤᠨ ᠰᠤᠷᠭᠠᠭᠤᠯᠢ ᠶᠢᠨ ᠵᠠᠬᠢᠷᠣᠯ︵ᠴᠡᠴᠡᠷᠯᠢᠭ ᠤᠨ ᠳᠠᠷᠤᠭ᠎ᠠ︶᠂ ᠪᠠᠭᠰᠢ᠂ ᠵᠢᠭᠠᠬᠤ ᠶᠢ ᠰᠣᠳᠣᠯᠬᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠦᠢᠯᠡᠴᠢᠯᠡᠭᠡᠨ ᠤ《ᠲᠦᠷᠪᠡᠨ ᠡᠩᠨᠡᠭᠡ》 ᠶᠢᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠰᠤᠷᠭᠠᠨ ᠬᠥᠮᠦᠵᠢᠯ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠳᠤ ᠨᠡᠩ ᠰᠢᠯᠢᠳᠡᠭ᠂ ᠭᠦᠢᠴᠡᠳ᠂ ᠨᠠᠶᠢᠳᠠᠪᠤᠷᠢᠲᠠᠢ ᠪᠠᠭᠰᠢ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠣᠶᠣᠯ ᠢ ᠶᠡᠭᠡ ᠪᠠᠷ ᠵᠤᠵᠠᠭᠠᠳᠬᠠᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠪᠠᠭᠰᠢ ᠶᠢᠨ ᠣᠯᠭᠤᠮᠵᠢ ᠶᠢ ᠪᠠᠲᠤᠯᠠᠬᠤ ᠪᠠ ᠳᠡᠭᠡᠭᠰᠢᠯᠡᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠪᠠᠭᠰᠢ ᠶᠢᠨ ᠣᠷᠣᠯᠭ᠎ᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠲᠠᠯ᠎ᠠ ᠶᠢᠨ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠭᠰᠢ ᠶᠢᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠠᠮᠢᠳᠤᠷᠠᠯ ᠳᠤᠮᠳᠠᠬᠢ ᠪᠣᠳᠠᠲᠠᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠲᠡᠳᠡᠨ ᠢ ᠰᠠᠨᠠᠭᠠᠰᠢᠷᠠᠬᠤ ᠦᠭᠡᠢ ᠪᠠᠶᠢᠯᠭᠠᠵᠦ᠂ ᠰᠡᠳᠬᠢᠯ ᠲᠠᠯᠪᠢᠨ ᠬᠥᠮᠦᠨ ᠬᠥᠮᠦᠵᠢᠭᠦᠯᠬᠦ ᠬᠡᠷᠡᠭᠲᠡᠢ ᠭᠡᠪᠡ᠃
ᠬᠤᠸᠠᠩ ᠶᠠ ᠯᠢ᠂ ᠰᠤᠷᠭᠠᠨ ᠬᠥᠮᠦᠵᠢᠯ ᠤᠨ ᠬᠦᠴᠦᠷᠭᠡᠭ ᠠᠶᠢᠮᠠᠭ ᠢ ᠪᠠᠶᠢᠭᠤᠯᠬᠤ ᠪᠣᠯ ᠪᠦᠬᠦ ᠠᠶᠢᠮᠠᠭ ᠤᠨ ᠱᠠᠲᠤᠨ ᠤ ᠬᠠᠮᠲᠤ ᠶᠢᠨ ᠬᠠᠷᠢᠭᠤᠴᠠᠯᠭ᠎ᠠ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠡᠭᠦᠷᠭᠡ ᠪᠠᠨ ᠣᠬᠠᠮᠰᠠᠷᠯᠠᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠷᠳᠤ ᠬᠤᠭᠤᠴᠠᠭ᠎ᠠ ᠪᠠᠷ ᠴᠢᠷᠮᠠᠶᠢᠵᠤ᠂ ᠰᠤᠷᠭᠠᠨ ᠬᠥᠮᠦᠵᠢᠯ ᠢᠶᠠᠷ ᠠᠶᠢᠮᠠᠭ ᠢ ᠬᠦᠴᠦᠷᠬᠡᠭᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠢᠶᠠᠷ ᠴᠢᠨᠠᠷ ᠰᠠᠶᠢᠲᠠᠢ ᠬᠥᠭᠵᠢᠯᠲᠡ ᠳᠤ ᠴᠢᠳᠠᠪᠣᠷᠢ ᠣᠯᠭᠤᠵᠤ᠂ ᠠᠯᠠᠱᠠ ᠶᠢᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠬᠡᠷᠡᠭᠲᠡᠢ ᠭᠡᠪᠡ᠃
ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠷᠭᠠᠭᠤᠯᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠦᠬᠢᠬᠦᠯᠦᠭᠳᠡᠭᠰᠡᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠬᠤᠪᠢ ᠬᠥᠮᠦᠨ ᠤ ᠲᠥᠯᠥᠭᠡᠯᠡᠭᠴᠢ ᠭᠤᠤᠯ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠠ ᠬᠤᠰᠢᠭᠤ ᠣᠷᠣᠨ ᠳᠤ ᠬᠤᠪᠢᠶᠠᠷᠢ ᠲᠠᠯᠠᠪᠠᠢ ᠲᠤᠭᠢᠷᠠᠭᠤᠯᠪᠠ᠃