ᠵᠤᠬᠢᠶᠠᠭᠴᠢ:
ᠴᠠᠭ:2025-04-30
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠪᠥᠬᠦ ᠠᠶᠢᠮᠠᠭ ᠤᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯ ᠢ ᠵᠠᠳᠠᠯᠤᠨ ᠰᠤᠳᠤᠯᠪᠠ
2025 4 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠬᠦ ᠠᠶᠢᠮᠠᠭ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃
ᠬᠤᠷᠠᠯ ᠳᠤ 《ᠦᠨᠡᠨ》ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠤᠨ 《ᠰᠣᠶᠣᠯ ᠤᠨ ᠬᠦᠴᠦᠷᠬᠡᠭ ᠤᠯᠤᠰ ᠢ ᠲᠦᠷᠬᠡᠳᠭᠡᠨ ᠪᠠᠶᠢᠭᠤᠯᠣᠶ᠎ᠠ》ᠬᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠯᠠᠱᠠ ᠶᠢᠨ ᠲᠡᠤᠬᠡ ᠰᠣᠶᠣᠯ ᠪᠠ ᠬᠤᠪᠢᠰᠬᠠᠯ ᠤᠨ ᠡᠬᠢ ᠪᠠᠶᠠᠯᠢᠭ ᠢ ᠠᠭᠤᠳᠠᠯᠤᠨ ᠡᠮᠬᠢᠯᠡᠵᠦ᠂ ᠨᠠᠩ ᠣᠯᠠᠨ ᠰᠣᠳᠣᠨ ᠪᠦᠲᠦᠭᠡᠯ ᠭᠠᠷᠭᠠᠬᠤ ᠶᠢ ᠵᠣᠷᠢᠭᠵᠢᠭᠤᠯᠤᠨ ᠳᠡᠮᠵᠢᠵᠦ᠂ ᠮᠢᠩ ᠤᠯᠤᠰ ᠤᠨ ᠣᠷᠳᠣ ᠴᠠᠭᠠᠨ ᠬᠡᠷᠡᠮ ᠵᠡᠷᠭᠡ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠶ ᠬᠠᠮᠠᠭᠠᠯᠠᠯᠲᠠ ᠶᠢ ᠴᠢᠩᠭᠠᠳᠬᠠᠵᠤ᠂ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠡᠩᠨᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠠᠶᠢᠮᠠᠭ ᠤᠨ ᠰᠣᠶᠣᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠤ 4 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠳᠣᠣᠱᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠮᠠᠭᠠᠳᠯᠠᠯᠲᠠ ᠪᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠠᠵᠢᠯ ᠤᠨ ᠠᠷᠭ᠎ᠠ ᠬᠡᠮᠵᠢᠶ᠎ᠡ ᠪᠠᠨ ᠲᠥᠯᠥᠪᠵᠢᠭᠦᠯᠵᠦ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠶ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ᠂ ᠨᠢᠭᠡᠳᠦᠭᠡᠷ ᠤᠯᠠᠷᠢᠯ ᠳᠤ ᠪᠦᠬᠦ ᠠᠶᠢᠮᠠᠭ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠤ ᠳᠤᠮᠳᠠ ᠳᠡᠭᠡᠭᠰᠢᠯᠡᠵᠦ᠂ ᠰᠠᠶᠢᠨ ᠰᠠᠶᠢᠬᠠᠨ ᠡᠬᠢᠯᠡᠯᠲᠡ ᠲᠠᠢ ᠪᠣᠯᠪᠠ᠃ ᠡᠯ᠎ᠡ ᠱᠠᠲᠤᠨ ᠤ ᠬᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠳᠤ ᠪᠤᠰᠤᠳᠴᠢ ᠪᠠᠷ ᠬᠠᠨᠳᠤᠵᠤ᠂ ᠮᠠᠨ ᠤ ᠠᠶᠢᠮᠠᠭ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠶᠢ ᠲᠣᠳᠣᠷᠬᠠᠶ ᠲᠠᠨᠢᠬᠤ ᠮᠥᠷᠲᠡᠭᠡᠨ ᠪᠠᠰᠠ ᠣᠳᠣᠬᠠᠨ ᠤ ᠠᠵᠤ ᠠᠬᠤᠶ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠴᠢᠩᠭ᠎ᠠ ᠠᠳᠬᠤᠨ ᠲᠦᠷᠭᠡᠨ ᠠᠵᠢᠯᠯᠠᠵᠤ᠂ ᠰᠡᠳᠬᠢᠬᠦᠶ ᠶᠢ ᠲᠠᠶᠢᠯᠵᠤ ᠬᠦᠴᠢᠷ ᠠᠰᠠᠭᠤᠳᠠᠯ ᠢ ᠢᠯᠠᠨ ᠳᠠᠪᠠᠵᠤ᠂ ᠬᠤᠶᠠᠳᠤᠭᠠᠷ ᠤᠯᠠᠷᠢᠯ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠶ᠃ ᠥᠷᠯᠥᠭᠡ ᠦᠳᠡᠰᠢ ᠦᠬᠡᠢ ᠲᠡᠮᠡᠴᠡᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠠᠵᠤ ᠦᠢᠯᠡᠰ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠬᠢᠷᠠᠭᠤᠯᠤᠯᠳᠠ᠂ ᠠᠬᠢᠴᠠ᠂ ᠪᠦᠷᠢᠳᠬᠡᠯ ᠳᠤ ᠣᠷᠣᠭᠤᠯᠬᠤ ᠶᠢ ᠠᠳᠬᠤᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠬᠦ ᠬᠡᠷᠡᠭᠲᠡᠢ᠃ ᠴᠠᠬᠢᠯᠭᠠᠨ ᠭᠠᠷᠭᠠᠬᠤ᠂ ᠭᠠᠳᠠᠭᠰᠢ ᠬᠦᠷᠭᠡᠬᠦ᠂ ᠡᠨᠧᠷᠭᠢ ᠬᠠᠳᠠᠭᠠᠯᠠᠬᠤ᠂ ᠪᠠᠭᠲᠠᠭᠠᠨ ᠰᠢᠩᠭᠡᠭᠡᠬᠦ ᠪᠠ ᠲᠣᠨᠤᠭ ᠲᠥᠬᠦᠭᠡᠷᠦᠮᠵᠢ ᠦᠢᠯᠡᠳᠬᠦ ᠲᠣᠭᠤᠷᠢᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠬᠤ ᠬᠡᠷᠡᠭᠳᠡᠢ᠃ ᠨᠡᠭᠦᠷᠡᠰᠦ ᠤᠬᠢᠶᠠᠬᠤ ᠦᠢᠯᠡᠳᠪᠦᠷᠢᠯᠡᠬᠦ ᠴᠢᠳᠠᠪᠤᠷᠢ ᠶᠢ ᠲᠦᠷᠬᠡᠨ ᠪᠠᠳᠠᠷᠠᠭᠤᠯᠵᠤ᠂ ᠨᠡᠭᠦᠷᠡᠰᠦᠨ ᠠᠭᠤᠷᠬᠠᠢ ᠶᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠮᠤᠷ ᠲᠦᠪᠰᠢᠨ ᠡᠮᠬᠢ ᠵᠢᠷᠤᠮ ᠲᠠᠢ ᠪᠠᠷ ᠠᠬᠢᠭᠤᠯᠵᠤ᠂ ᠤᠯᠠᠮᠵᠢᠯᠠᠯᠲᠤ ᠡᠨᠧᠷᠭᠢ ᠶᠢ ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠬᠦᠯᠬᠦ ᠬᠡᠷᠡᠭᠳᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ ᠰᠢᠨ᠎ᠡ ᠡᠨᠧᠷᠭᠢ ᠶᠢ ᠠᠵᠢᠯᠯᠠᠭᠤᠯᠵᠤ ᠪᠠᠲᠤᠯᠠᠬᠤ ᠦᠢᠯᠡᠴᠢᠯᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠤᠯᠠᠨ ᠲᠠᠯ᠎ᠠ ᠠᠴᠠ ᠬᠦᠴᠦᠯᠡᠨ ᠳᠡᠭᠡᠭᠰᠢᠯᠡᠬᠦᠯᠬᠦ ᠬᠡᠷᠡᠭᠳᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠨᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠳᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠤᠨ ᠰᠢᠩᠭᠡᠭᠡᠨ ᠠᠪᠬᠤ᠂ ᠠᠵᠤ ᠦᠢᠯᠡᠰ ᠢᠶᠠᠷ ᠳᠠᠶᠢᠴᠢᠯᠠᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠠᠷ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠵᠤ᠂ ᠠᠷᠭ᠎ᠠ ᠪᠤᠳᠤᠵᠤ ᠪᠠᠶᠢᠭᠠᠳ ᠬᠤᠲᠠ ᠬᠥᠳᠡᠭᠡ ᠶᠢᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠬᠦᠯᠬᠦ ᠬᠡᠷᠡᠭᠳᠡᠢ᠃ ᠬᠠᠷᠠᠯᠲᠠ ᠪᠠᠨ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠡᠳᠦᠷ ᠲᠤᠳᠤᠮ ᠤᠨ ᠠᠵᠢᠯ ᠳᠠᠭᠠᠨ ᠬᠦᠴᠦ ᠣᠷᠣᠭᠤᠯᠵᠤ᠂ ᠪᠠᠶᠢᠩᠭᠤ ᠠᠳᠬᠤᠵᠤ᠂ ᠨᠢᠭᠡ ᠨᠢᠬᠡ ᠬᠠᠷᠠᠯᠲᠠ ᠪᠠᠷ ᠵᠠᠳᠠᠯᠵᠤ᠂ ᠨᠢᠭᠡ ᠨᠢᠭᠡ ᠭᠤᠭᠴᠤᠭ᠎ᠠ ᠪᠠᠷ ᠠᠬᠢᠭᠤᠯᠵᠤ᠂ ᠨᠢᠭᠡ ᠨᠢᠭᠡ ᠡᠭᠦᠷᠭᠡ ᠶᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠪᠦᠬᠦ ᠵᠢᠯ ᠳᠤ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠪᠡ᠃
ᠬᠤᠷᠠᠯ ᠳᠤ ᠪᠥᠬᠦ ᠠᠶᠢᠮᠠᠭ ᠤᠨ ᠣᠶ ᠰᠢᠭᠤᠶ ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠡᠷᠡᠰ ᠲᠦᠷᠭᠡᠨ ᠪᠥᠭᠡᠳ ᠬᠦᠴᠦᠲᠡᠶ ᠨᠢᠭᠡ ᠴᠤᠭᠴᠠᠵᠢᠭᠤᠯᠤᠨ ᠠᠬᠢᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠡᠯ᠎ᠡ ᠠᠵᠢᠯ ᠢ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠠᠮᠠᠭᠠᠯᠠᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠤ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠤᠰᠤᠳ ᠵᠦᠢᠯᠡᠰ ᠢ ᠰᠤᠳᠤᠯᠵᠠᠢ᠃