ᠵᠤᠬᠢᠶᠠᠭᠴᠢ:
ᠴᠠᠭ:2025-05-30
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠬᠤ ᠭᠤᠤᠯ ᠳᠤᠭᠤᠶᠢᠯᠠᠩ 2025 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠠ
2025 5 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠬᠤ ᠭᠤᠤᠯ ᠳᠤᠭᠤᠶᠢᠯᠠᠩ ᠨᠠᠮ ᠤᠨ ᠠᠷᠪᠠᠨ ᠶᠡᠭᠡ ᠬᠤᠷᠠᠯ ᠠᠴᠠ ᠨᠠᠰᠢᠬᠢ ᠨᠠᠮ ᠤᠨ ᠲᠥᠪ ᠬᠤᠷᠢᠶ᠎ᠠ ᠶᠢᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠭᠠᠳ ᠣᠯᠤᠭᠰᠠᠨ ᠪᠥᠬᠥ ᠢᠯᠡᠳᠲᠡ ᠦᠷ᠎ᠡ ᠪᠦᠲᠦᠮᠵᠢ ᠪᠠ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠪᠠᠷ ᠭᠤᠤᠯ ᠰᠡᠳᠦᠪ ᠪᠣᠯᠭᠠᠵᠤ 2025 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠬᠤᠷᠠᠯ ᠳᠡᠭᠡᠷ᠎ᠡ᠂ ᠯᠸᠢ ᠬᠠᠢ᠂ ᠵᠤᠤ ᠪᠦᠦ ᠵᠦ ᠲᠤᠰ ᠲᠤᠰ《ᠨᠠᠮ ᠤᠨ ᠠᠷᠪᠠᠨ ᠶᠡᠭᠡ ᠬᠤᠷᠠᠯ ᠠᠴᠠ ᠨᠠᠰᠢᠬᠢ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ》᠂《 ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠣᠭᠰᠠᠨ ᠨᠢ》ᠬᠡᠬᠦ ᠠᠭᠤᠯᠭ᠎ᠠ ᠶᠢ ᠳᠠᠭᠠᠭᠤᠯᠤᠨ ᠰᠤᠷᠤᠯᠴᠠᠪᠠ᠃ ᠸᠧᠢ ᡁᠢ ᠭᠦᠸᠧ᠂ ᠵᠤᠤ ᠪᠦᠦ ᠵᠦ᠂ ᠴᠧᠨ ᠸᠧᠨ ᠪᠢᠨ᠂ ᠯᠢ ᠵᠢᠶᠦ᠋ᠨ᠂ ᠸᠠᠩ ᠺᠧ ᠸᠧᠢ ᠵᠡᠷᠭᠡ 5 ᠨᠥᠬᠦᠷ ᠦᠭᠡ ᠬᠡᠯᠡᠵᠡᠢ᠃
ᠬᠤᠸᠠᠩ ᠶᠠ ᠯᠢ᠂ ᠲᠥᠪ ᠤᠨ ᠲᠣᠭᠲᠠᠭᠠᠯ ᠨᠢ ᠪᠠᠭ᠎ᠠ ᠳᠠᠯ᠎ᠠ ᠠᠴᠠ ᠭᠠᠷᠳᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠡᠭᠡ ᠬᠤᠪᠢᠰᠤᠯᠲᠠ ᠶᠢ ᠲᠠᠶᠢᠴᠢᠯᠠᠵᠤ᠂ ᠢᠯᠡᠳᠲᠡ ᠦᠷ᠎ᠡ ᠪᠦᠲᠦᠮᠵᠢ ᠣᠯᠵᠤ᠂ ᠠᠪᠴᠢᠷᠠᠭᠰᠠᠨ ᠬᠤᠪᠢᠷᠠᠯᠲᠠ ᠪᠦᠬᠦ ᠲᠠᠯ᠎ᠠ ᠪᠠᠷ ᠭᠦᠨᠵᠡᠭᠡᠢ ᠪᠠᠶᠢᠵᠤ᠂ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶᠠᠨ ᠤ ᠰᠤᠷᠲᠠᠯ ᠢ ᠴᠥᠬᠦᠷᠡᠰᠢ ᠦᠭᠡᠢ ᠠᠳᠬᠤᠵᠤ ᠰᠢᠨ᠎ᠡ ᠰᠤᠷᠲᠠᠯ ᠢ ᠪᠤᠢ ᠪᠣᠯᠭᠠᠬᠤ ᠪᠠᠲᠤ ᠴᠢᠩᠭ᠎ᠠ ᠲᠡᠦᠬᠡᠲᠦ ᠡᠭᠦᠷᠭᠡᠯᠡᠯ ᠪᠣᠯᠤᠨ ᠡᠷᠡᠰ ᠬᠠᠲᠠᠭᠤ ᠵᠣᠷᠢᠭ ᠰᠠᠨᠠᠭ᠎ᠠ ᠵᠠᠩ ᠴᠢᠨᠠᠷ ᠢ ᠭᠦᠢᠴᠡᠳ ᠢᠯᠡᠷᠡᠭᠦᠯᠪᠡ᠃ ᠪᠢᠳᠡ ᠰᠢᠨ᠎ᠡ ᠴᠠᠭ ᠦᠶ᠎ᠡ ᠠᠴᠠ ᠨᠠᠰᠢᠬᠢ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠳᠣᠣᠱᠯᠠᠭᠤᠯᠤᠭᠰᠠᠨ ᠦᠷ᠎ᠡ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠲᠠᠨᠢᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠡᠷᠡᠰ ᠪᠠᠲᠤ ᠴᠢᠨᠠᠷ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠨ᠂ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠠ ᠪᠠᠷ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠨᠢ ᠪᠠᠨ ᠳᠠᠭᠠᠭᠤᠯᠬᠤ ᠶᠢ ᠪᠠᠷᠢᠮᠲᠠᠯᠠᠵᠤ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠠᠶᠢᠮᠠᠭ ᠤᠨ ᠱᠠᠲᠤᠨ ᠤ ᠤᠳᠤᠷᠢᠳᠤᠯᠭ᠎ᠠ ᠥᠪᠡᠷ ᠤᠨ ᠪᠡᠶ᠎ᠡ ᠪᠠᠨ ᠴᠢᠩᠭ᠎ᠠ ᠬᠠᠮᠢᠶᠠᠷᠴᠤ᠂ ᠴᠠᠭ ᠢᠮᠠᠭᠲᠠ ᠥᠪᠡᠷ ᠢ ᠪᠠᠨ ᠰᠡᠷᠡᠮᠵᠢᠯᠡᠭᠦᠯᠵᠦ᠂《ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠶᠢ ᠭᠦᠢᠴᠡᠳᠬᠡᠬᠦ ᠲᠠᠯ᠎ᠠ ᠪᠠᠷ ᠰᠠᠶᠢᠲᠤᠷ ᠬᠢᠵᠦ᠂ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠪᠠᠷ ᠴᠢᠷᠮᠠᠶᠢᠵᠤ᠂ ᠲᠦᠷᠦᠯ ᠵᠦᠢᠯ ᠢ ᠠᠳᠬᠤᠵᠤ᠂ ᠠᠵᠤ ᠠᠬᠤᠢ ᠶᠢ ᠠᠳᠬᠤᠵᠤ᠂ ᠠᠷᠠᠳ ᠤᠨ ᠠᠮᠢᠳᠤᠷᠠᠯ ᠢ ᠠᠳᠬᠤᠵᠤ᠂ ᠠᠮᠤᠷ ᠲᠦᠪᠰᠢᠨ ᠢ ᠬᠦᠴᠦᠯᠡᠨ ᠬᠡᠷᠡᠭᠵᠢᠭᠦᠯᠵᠦ᠂ ᠲᠣᠭᠲᠠᠭᠤᠨ ᠢ ᠪᠠᠲᠤᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠰᠦᠷ ᠬᠦᠴᠦᠲᠦ ᠪᠠᠶᠢᠳᠠᠯ ᠢ ᠪᠠᠲᠤᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠲᠠᠯ ᠤᠨ ᠠᠷᠬᠠᠭ ᠭᠡᠮ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ 《ᠲᠦᠷᠪᠡᠨ ᠰᠤᠷᠲᠠᠯ》 ᠤᠨ ᠠᠰᠠᠭᠤᠳᠠᠯ ᠵᠢᠴᠢ ᠡᠯ᠎ᠡ ᠵᠦᠢᠯ ᠤᠨ ᠢᠯᠡᠷᠡᠯ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ ᠪᠡᠯᠡᠭ ᠰᠡᠯᠳᠡ ᠬᠦᠷᠭᠡᠬᠦ᠂ ᠲᠣᠭᠲᠠᠭᠠᠯ ᠠᠴᠠ ᠵᠥᠷᠢᠴᠡᠨ ᠬᠤᠷᠢᠮ ᠪᠡᠯᠪᠡᠰᠦᠷᠡᠯ ᠪᠠᠶᠠᠷ ᠳᠤᠷᠠᠰᠬᠠᠯ ᠬᠢᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠥᠴᠦᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠺᠠᠳ᠋ᠷᠴᠤᠳ ᠬᠢᠨᠠᠯᠲᠠ ᠪᠠ ᠬᠢᠵᠠᠭᠠᠷᠯᠠᠯ ᠢ ᠬᠦᠯᠢᠶᠡᠵᠦ ᠠᠵᠢᠯᠯᠠᠵᠦ ᠠᠮᠢᠳᠣᠷᠠᠬᠤ ᠶᠢ ᠬᠦᠳᠦᠯᠦᠨ ᠳᠠᠭᠠᠭᠤᠯᠬᠤ ᠬᠡᠷᠡᠭᠲᠡᠢ᠃ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠲᠦᠷᠢᠮ ᠤᠨ ᠲᠥᠪ ᠴᠢᠩᠭ᠎ᠠ ᠴᠢᠨᠠᠷ ᠡᠷᠬᠡ ᠰᠦᠷᠲᠦ ᠴᠢᠨᠠᠷ ᠢ ᠰᠠᠶᠢᠲᠤᠷ ᠬᠠᠮᠠᠭᠠᠯᠠᠵᠤ᠂ ᠦᠨᠳᠦᠰᠦᠨ ᠲᠦᠷᠢᠮ ᠠᠴᠠ ᠡᠬᠢᠯᠡᠨ ᠴᠢᠩᠭ᠎ᠠ ᠠᠳᠬᠤᠵᠤ᠂ ᠡᠳᠦᠷ ᠲᠤᠳᠤᠮ ᠤᠨ ᠵᠢᠷᠤᠮᠵᠢᠯ ᠠᠴᠠ ᠡᠬᠢᠯᠡᠨ ᠠᠳᠬᠤᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠡᠯ᠎ᠡ ᠵᠦᠢᠯ ᠤᠨ ᠲᠦᠷᠢᠮ ᠢ ᠴᠥᠮ ᠪᠣᠳᠠᠲᠠᠢ ᠰᠠᠬᠢᠵᠤ᠂ ᠳᠣᠣᠱᠳᠠᠢ ᠬᠡᠷᠡᠭᠵᠢᠭᠦᠯᠵᠦ᠂ ᠲᠦᠷᠢᠮ ᠤᠨ ᠬᠠᠲᠠᠭᠤ ᠴᠢᠨᠠᠷ ᠢᠶᠠᠷ ᠠᠵᠢᠯᠯᠠᠭ᠎ᠠ ᠶᠢ ᠬᠢᠵᠠᠭᠠᠷᠯᠠᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠰᠢᠯᠢᠳᠡᠭ ᠰᠣᠶᠣᠯ ᠢ ᠪᠠᠳᠠᠷᠠᠭᠤᠯᠵᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠵᠦ᠂ ᠢᠳᠡᠪᠬᠢᠲᠡᠢ ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠰᠣᠶᠣᠯ ᠢᠶᠠᠷ ᠨᠠᠮ ᠤᠨ ᠰᠤᠷᠲᠠᠯ ᠵᠠᠰᠠᠭ ᠤᠨ ᠰᠤᠷᠲᠠᠯ᠂ ᠪᠤᠷᠤᠭᠵᠢᠭᠤᠨ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠪᠣᠢ ᠪᠣᠯᠭᠠᠬᠤ ᠬᠡᠷᠡᠭᠲᠡᠢ ᠭᠡᠪᠡ᠃