ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠬᠤᠸᠠᠩ ᠶᠠ ᠯᠢ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ
2025 5 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
ᠬᠤᠸᠠᠩ ᠶᠠ ᠯᠢ ᠳ᠋ᠦᠩ ᠧ ᠧ ᠵᠢᠶᠣᠣ ᠴᠠᠭᠠᠨ ᠭᠤᠶᠣᠣ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ︵ᠠᠯᠠᠱᠠ︶ ᠤᠨ ᠺᠣᠮᠫᠠᠨᠢ ᠳᠤ ᠬᠦᠷᠴᠦ᠂ ᠴᠠᠭᠠᠨ ᠭᠤᠶᠣᠣ ᠶᠢᠨ ᠦᠵᠡᠬᠦᠯᠬᠡ ᠶᠢᠨ ᠣᠷᠳᠣᠨ ᠤ ᠳᠡᠯᠬᠡᠨ ᠦᠵᠡᠭᠦᠯᠭᠡ ᠪᠠ ᠰᠣᠶᠣᠯ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠴᠠᠭᠠᠨ ᠭᠤᠶᠣᠣ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠤᠬᠠᠭᠤᠯᠬᠤ᠂ ᠡᠵᠡᠩᠨᠡᠨ ᠪᠣᠷᠣᠯᠠᠭᠤᠯᠬᠤ ᠵᠢᠴᠢ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠭᠤᠶᠣᠣ ᠨᠢ《ᠶᠢᠰᠦᠨ ᠶᠡᠭᠡ ᠠᠷᠰᠢ ᠶᠢᠨ ᠡᠪᠡᠰᠦ》 ᠶᠢᠨ ᠨᠢᠭᠡ ᠪᠦᠬᠡᠳ ᠭᠤᠪᠢ ᠶᠢᠨ ᠴᠠᠭᠠᠨ ᠭᠤᠶᠣᠣ ᠶᠢ《ᠡᠯᠡᠰᠦ ᠮᠠᠩᠬᠠᠨ ᠤ ᠣᠷᠬᠤᠳᠠᠢ》ᠭᠡᠳᠡᠭ ᠲᠤᠯᠠ ᠨᠡᠭᠡᠭᠡᠨ ᠬᠥᠭᠵᠢᠭᠦᠯᠬᠦ ᠳᠠᠯᠳᠠ ᠬᠦᠴᠦᠨ ᠪᠣᠯᠣᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠳᠠᠭ᠃ ᠠᠵᠤ ᠠᠬᠤᠶᠢᠯᠠᠯ ᠲᠣᠯᠣᠭᠠᠶᠢᠯᠠᠭᠴᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂《ᠳᠤᠮᠳᠠᠳᠤ ᠤᠯᠤᠰ ᠤᠨ ᠴᠠᠭᠠᠨ ᠭᠤᠶᠣᠣ ᠶᠢᠨ ᠨᠤᠲᠤᠭ》ᠭᠡᠬᠦ ᠲᠡᠮᠳᠡᠭ ᠢ ᠰᠠᠶᠢᠲᠤᠷ ᠠᠰᠢᠭᠯᠠᠨ᠂ ᠠᠯᠠᠱᠠ ᠶᠢᠨ ᠴᠠᠭᠠᠨ ᠭᠤᠶᠣᠣ ᠶᠢᠨ ᠦᠨ᠎ᠡ ᠥᠷᠲᠡᠭ ᠤᠨ ᠦᠢᠯᠡᠳᠦᠯ ᠢ ᠰᠠᠶᠢᠲᠤᠷ ᠰᠤᠳᠤᠯᠵᠤ᠂ ᠰᠠᠶᠢᠲᠤᠷ ᠠᠭᠤᠳᠠᠯᠤᠨ᠂ ᠰᠠᠶᠢᠲᠤᠷ ᠤᠬᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠤᠨ ᠦᠢᠯᠡᠳᠬᠦᠨ ᠤ ᠲᠥᠷᠥᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠣᠷᠣᠨ ᠪᠦᠰᠡ ᠶᠢᠨ ᠲᠡᠮᠳᠡᠭ ᠪᠠ ᠠᠵᠤ ᠠᠬᠤᠶᠢᠯᠠᠯ ᠤᠨ《ᠨᠡᠷᠡᠲᠦ ᠪᠦᠲᠦᠭᠡᠭᠳᠡᠬᠦᠨ》 ᠢ ᠪᠣᠶ ᠪᠣᠯᠭᠠᠵᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠ ᠰᠤᠳᠤᠯᠤᠨ ᠰᠤᠷᠤᠯᠴᠠᠬᠤ ᠶᠢ ᠠᠭᠤᠰᠤᠯᠴᠠᠭᠤᠯᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠬᠢᠵᠦ᠂ ᠦᠢᠯᠡᠳᠪᠦᠷᠢᠯᠡᠯ ᠤᠨ ᠠᠬᠢᠴᠠ ᠪᠠᠨ ᠲᠦᠷᠭᠡᠳᠬᠡᠨ ᠠᠬᠢᠭᠤᠯᠵᠤ᠂ ᠬᠡᠪᠴᠢᠶ᠎ᠡ ᠪᠠᠨ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠲᠠᠰ ᠳᠠᠪᠬᠤᠷᠭ᠎ᠠ ᠶᠢ ᠳᠡᠭᠡᠭᠰᠢᠯᠡᠭᠦᠯᠵᠦ᠂ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠪᠡ᠃
ᠬᠤᠸᠠᠩ ᠶᠠ ᠯᠢ ᠤᠷᠢᠳ ᠬᠤᠵᠢᠳ ᠥᠪᠥᠷ ᠮᠣᠩᠭᠤᠯ ᠤᠨ ᠭᠤᠪᠢ ᠡᠷᠳᠡᠨᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠪᠣᠯᠣᠨ ᠠᠯᠠᠱᠠ ᠵᠡᠭᠦᠨ ᠬᠤᠰᠢᠭᠤᠨ ᠤ ᠵᠢᠶᠠ ᠯᠢ ᠨᠣᠣᠰᠣ ᠤᠨ ᠺᠣᠮᠫᠠᠨᠢ ᠳᠤ ᠬᠦᠷᠴᠦ᠂ ᠴᠠᠭᠠᠨ ᠭᠤᠶᠣᠣ᠂ ᠤᠯᠠᠭᠠᠨ ᠭᠤᠶᠣᠣ᠂ ᠨᠣᠯᠣᠣᠷ ᠤᠨ ᠴᠠᠭᠠᠨ ᠢᠮᠠᠭᠠᠨ ᠤ ᠨᠣᠣᠰᠣ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠰᠤᠳᠤᠯᠤᠨ ᠨᠡᠭᠡᠭᠡᠬᠦ ᠪᠠ ᠠᠰᠢᠭ ᠣᠯᠵᠠᠪᠤᠷᠢ ᠣᠯᠬᠤ ᠵᠡᠷᠭᠡ ᠪᠠᠶᠢᠳᠠᠯ ᠢ ᠣᠶᠢᠯᠠᠭᠠᠵᠠᠢ᠃ ᠲᠡᠷᠡ᠂ ᠡᠵᠡᠩᠨᠡᠯᠲᠡ ᠶᠢᠨ ᠣᠨᠣᠯᠵᠢᠬᠤᠨ ᠪᠣᠯᠣᠨ ᠬᠠᠮᠢᠶᠠᠷᠤᠯᠲᠠ ᠶᠢᠨ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠡᠴᠦᠰ ᠤᠨ ᠠᠵᠢᠯ ᠢ ᠰᠠᠶᠢᠲᠤᠷ ᠬᠢᠵᠦ᠂ ᠦᠢᠯᠡᠳᠬᠦᠨ ᠤ ᠨᠡᠮᠡᠯᠲᠡ ᠦᠷᠳᠡᠭ ᠪᠣᠯᠣᠨ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠣᠨᠴᠠᠯᠢᠭᠲᠤ ᠠᠵᠤ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠬᠦᠴᠢᠷᠳᠡᠯ ᠢ ᠦᠨᠡᠨ ᠪᠣᠳᠠᠲᠠᠢ ᠪᠠᠷ ᠰᠶᠢᠳᠪᠦᠷᠢᠯᠡᠵᠦ᠂ ᠡᠯ᠎ᠡ ᠲᠠᠯ᠎ᠠ ᠶᠢᠨ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢᠨ ᠳᠡᠮᠵᠢᠯᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠦᠴᠦᠨ ᠢᠶᠠᠨ ᠲᠥᠪᠯᠡᠷᠡᠭᠦᠯᠦᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠬᠡᠷᠡᠭᠲᠡᠢ ᠭᠡᠪᠡ᠃
ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠢ ᡁᠢ ᠭᠦᠸᠧ ᠪᠡᠷ᠎ᠠ ᠪᠤᠯᠵᠦ ᠪᠠᠶᠢᠴᠠᠭᠠᠨ ᠃