ᠵᠤᠬᠢᠶᠠᠭᠴᠢ:
ᠴᠠᠭ:2025-05-09
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠳ᠋ᠦᠡᠭ ᠡᠸ᠋ ᠡᠸ᠋ ᠵᠢᠶᠤᠤ ᠶᠢᠨ ᠠᠯᠠᠱᠠ ᠶᠢᠨ ᠴᠠᠭᠠᠨ ᠭᠤᠶᠣᠣ ᠶᠢᠨ ᠲᠦᠷᠦᠯ ᠵᠦᠢᠯ ᠵᠢᠴᠢ ᠵᠠᠭᠤᠨ ᠲᠦᠮᠡᠨ ᠮᠦ ᠴᠠᠭᠠᠨ ᠭᠤᠶᠣᠣ ᠶᠢᠨ ᠬᠠᠮᠲᠤ ᠪᠠᠷ ᠪᠠᠶᠢᠭᠤᠯᠬᠤ ᠰᠠᠭᠤᠷᠢᠨ ᠭᠠᠵᠠᠷ ᠲᠤ ᠣᠷᠣᠬᠤ ᠫᠠᠶᠢᠰᠠ ᠶᠢ ᠰᠡᠬᠦᠪᠡ
2025 5 ᠰᠠᠷ᠎ᠠ ᠶᠢᠨ 7 ᠤ ᠡᠳᠦᠷ᠂ ᠳ᠋ᠦᠡᠭ ᠡᠸ᠋ ᠡᠸ᠋ ᠵᠢᠶᠣᠣ ᠶᠢᠨ ᠠᠯᠠᠱᠠ ᠶᠢᠨ ᠴᠠᠭᠠᠨ ᠭᠤᠶᠣᠣ ᠶᠢᠨ ᠲᠦᠷᠦᠯ ᠵᠦᠢᠯ ᠵᠢᠴᠢ ᠵᠠᠭᠤᠨ ᠲᠦᠮᠡᠨ ᠮᠦ ᠴᠠᠭᠠᠨ ᠭᠤᠶᠣᠣ ᠶᠢᠨ ᠬᠠᠮᠲᠤ ᠪᠠᠷ ᠪᠠᠶᠢᠭᠤᠯᠬᠤ ᠰᠠᠭᠤᠷᠢᠨ ᠭᠠᠵᠠᠷ ᠲᠤ ᠣᠷᠣᠬᠤ ᠫᠠᠶᠢᠰᠠ ᠶᠢ ᠰᠡᠬᠦᠵᠦ᠂ ᠮᠠᠨ ᠤ ᠤᠯᠤᠰ ᠤᠨ ᠬᠠᠮᠤᠭ ᠤᠨ ᠶᠡᠭᠡ ᠬᠡᠪᠴᠢᠶ᠎ᠡ ᠲᠠᠢ ᠴᠠᠭᠠᠨ ᠭᠤᠶᠣᠣ ᠶᠢᠨ ᠠᠵᠤ ᠦᠢᠯᠡᠰᠵᠢᠯᠲᠡ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠢ ᠬᠠᠷᠠᠭᠤᠯᠵᠤ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠳ᠋ᠦᠡᠭ ᠡᠸ᠋ ᠡᠸ᠋ ᠵᠢᠶᠣᠣ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠩ ᠵᠢᠶᠧ ᠲᠥᠷᠥᠯ ᠵᠦᠢᠯ ᠪᠠ ᠬᠠᠮᠲᠤ ᠪᠠᠷ ᠪᠠᠶᠢᠭᠤᠯᠬᠤ ᠰᠠᠭᠤᠷᠢᠨ ᠭᠠᠵᠠᠷ ᠤᠨ ᠫᠠᠶᠢᠰᠠ ᠶᠢ ᠬᠠᠮᠳᠤ ᠪᠠᠷ ᠰᠡᠬᠦᠭᠰᠡᠨ ᠪᠥᠭᠡᠳ ᠪᠠᠶᠠᠷ ᠤᠨ ᠦᠭᠡ ᠬᠡᠯᠡᠵᠡᠢ᠃
ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠴᠠᠭᠠᠨ ᠭᠤᠶᠣᠣ ᠶᠢᠨ ᠠᠵᠤ ᠦᠢᠯᠡᠰ ᠢ ᠨᠡᠭᠡᠭᠡᠨ ᠬᠥᠭᠵᠢᠭᠦᠯᠵᠦ ᠰᠤᠳᠤᠯᠬᠤ᠂ ᠦᠷ᠎ᠡ ᠪᠦᠲᠦᠭᠡᠯ ᠢ ᠣᠯᠠᠷᠢᠭᠤᠯᠬᠤ᠂ ᠲᠦᠷᠦᠯ ᠲᠡᠮᠳᠡᠭ ᠡᠭᠦᠳᠬᠦ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠲᠠᠯ᠎ᠠ ᠪᠠᠷ ᠰᠠᠨᠠᠯ ᠢᠶᠠᠨ ᠰᠤᠯᠢᠯᠴᠠᠵᠠᠢ᠃
ᠬᠤᠸᠠᠩ ᠶᠠ ᠯᠢ᠂ ᠡᠯᠡᠰᠦᠷᠬᠡᠭ ᠭᠠᠵᠡᠷ ᠤᠨ ᠴᠠᠭᠠᠨ ᠭᠤᠶᠣᠣ ᠨᠢ《ᠡᠯᠡᠰᠦᠨ ᠴᠦᠯ ᠤᠨ ᠣᠷᠬᠤᠳᠠᠢ》ᠬᠡᠮᠡᠭᠳᠡᠵᠦ᠂ ᠠᠮᠢ ᠠᠬᠤᠢ ᠶᠢᠨ ᠬᠠᠮᠠᠭᠠᠯᠠᠭᠴᠢ᠂ ᠨᠡᠩ ᠴᠤ ᠪᠠᠶᠠᠵᠢᠯ ᠤᠨ ᠲᠦᠯᠬᠢᠭᠦᠷ ᠶᠤᠮ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠦᠨᠳᠦᠷ ᠪᠤᠯᠬᠤᠷ᠂ ᠴᠠᠭᠠᠨ ᠭᠤᠶᠣᠣ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠪᠠᠲᠤ ᠪᠠᠬᠢ ᠰᠠᠭᠤᠷᠢ ᠪᠠ ᠥᠷᠭᠡᠨ ᠠᠭᠤᠳᠠᠮ ᠣᠷᠣᠨ ᠵᠠᠢ ᠲᠠᠢ ᠶᠤᠮ᠃ ᠮᠠᠨ ᠤ ᠠᠶᠢᠮᠠᠭ ᠲᠤᠰ ᠤᠳᠠᠭᠠᠨ ᠤ ᠠᠵᠤ ᠦᠢᠯᠡᠰᠵᠢᠯᠲᠡ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠳᠠᠪᠠᠭᠤᠯᠢᠭ ᠢ ᠪᠠᠳᠠᠷᠠᠭᠤᠯᠤᠨ᠂ ᠲᠤᠰᠬᠠᠢ ᠮᠡᠷᠭᠡᠵᠢᠯᠲᠡᠨ ᠤ ᠤᠶᠤᠨ ᠴᠢᠳᠠᠪᠤᠷᠢ ᠶᠢ ᠠᠰᠢᠭᠯᠠᠵᠤ᠂ ᠴᠠᠭᠠᠨ ᠭᠤᠶᠣᠣ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ᠂ ᠠᠮᠢ ᠠᠬᠤᠢ ᠶᠢ ᠬᠠᠮᠠᠭᠠᠯᠠᠬᠤ ᠪᠣᠬᠢᠷᠲᠤᠯ ᠦᠭᠡᠢ ᠠᠵᠤ ᠦᠢᠯᠡᠰ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠤᠨ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠲᠠᠷᠢᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠳᠤ《ᠰᠠᠨᠠᠭᠠᠴᠢᠯᠠᠭᠠᠲᠤ ᠪᠤᠰᠤ ᠰᠡᠷᠭᠡᠶᠢᠯᠡᠯᠲᠡ》 ᠠᠴᠠ《ᠦᠷᠳᠡᠭ ᠤᠨ ᠡᠭᠦᠳᠦᠯᠲᠡ》 ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠨᠡᠩ ᠤᠯᠠᠨ ᠡᠯᠡᠰᠦᠷᠬᠡᠭ ᠭᠠᠵᠠᠷ ᠢ ᠠᠮᠢ ᠠᠬᠤᠢ ᠶᠢᠨ ᠡᠳ᠋ ᠬᠥᠷᠥᠩᠭᠡ ᠶᠢᠨ《ᠨᠡᠮᠡᠭᠳᠡᠯ ᠦᠷᠳᠡᠭ ᠤᠨ ᠥᠩ ᠰᠢᠮᠡᠯᠢᠭ ᠬᠥᠷᠥᠰᠥ》ᠪᠣᠯᠭᠠᠨ᠎ᠠ᠃ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠲᠣᠪᠤᠶᠢᠮ᠎ᠠ ᠠᠵᠤ ᠦᠢᠯᠡᠰ ᠢ ᠴᠣᠭᠴᠠᠯᠠᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠬᠥᠲᠥᠴᠢ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠴᠠᠭᠠᠨ ᠭᠤᠶᠣᠣ ᠶᠢᠨ ᠠᠵᠤ ᠦᠢᠯᠡᠰ ᠤᠨ ᠪᠠᠷᠢᠮᠵᠢᠶᠠᠨ ᠤ ᠲᠣᠭᠲᠠᠯᠴᠠᠭ᠎ᠠ ᠪᠠ ᠦᠢᠯᠡᠳᠬᠦᠨ ᠤ ᠰᠠᠭᠤᠷᠢᠨ ᠭᠠᠵᠠᠷ ᠢ ᠲᠦᠷᠬᠡᠨ ᠪᠠᠶᠢᠭᠤᠯᠵᠤ᠂ ᠡᠯᠡᠰᠦᠷᠬᠡᠭ ᠭᠠᠵᠡᠷ ᠤᠨ ᠴᠠᠭᠠᠨ ᠭᠤᠶᠣᠣ ᠶᠢ ᠠᠯᠠᠱᠠ ᠶᠢᠨ ᠳᠡᠰ ᠠᠴᠠ ᠳᠠᠪᠠᠭᠰᠠᠨ《IP》ᠪᠣᠯᠭᠠᠵᠤ᠂ ᠵᠠᠭᠤᠨ ᠳ᠋ᠦᠩᠰᠢᠭᠤᠷ ᠲᠥᠭᠦᠷᠢᠭ ᠤᠨ ᠠᠵᠤ ᠦᠢᠯᠡᠰ ᠢ ᠲᠦᠷᠬᠡᠨ ᠪᠣᠶᠢᠵᠢᠭᠤᠯᠣᠨ᠎ᠠ᠃ ᠬᠡᠯᠬᠢᠶ᠎ᠡ ᠨᠢ ᠪᠦᠷᠢᠨ ᠪᠦᠲᠦᠨ᠂ ᠶᠠᠰᠤ ᠴᠢᠨᠠᠷ ᠢᠶᠠᠷ ᠰᠢᠯᠭᠠᠷᠠᠭᠰᠠᠨ ᠳᠡᠭᠡᠳᠦ ᠲᠠᠰ ᠤᠨ ᠠᠵᠤ ᠦᠢᠯᠡᠰ ᠢ ᠪᠣᠶ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠭᠠᠷᠤᠭ᠎ᠠ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂《ᠦᠷᠬᠦᠯᠵᠢᠯᠡᠨ ᠬᠢᠬᠦ》ᠠᠵᠢᠯ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ᠂ ᠲᠦᠷᠦᠯ ᠲᠡᠮᠳᠡᠭᠲᠦ ᠨᠡᠮᠡᠭᠳᠡᠬᠦᠯᠬᠦ ᠶᠢ ᠴᠢᠩᠭᠠᠳᠬᠠᠵᠤ᠂ ᠡᠯᠡᠰᠦᠷᠬᠡᠭ ᠭᠠᠵᠡᠷ ᠤᠨ ᠴᠠᠭᠠᠨ ᠭᠤᠶᠣᠣ ᠶᠢᠨ ᠶᠠᠰᠤ ᠴᠢᠨᠠᠷ ᠢᠶᠠᠷ ᠰᠠᠶᠢᠨ᠂ ᠠᠵᠤ ᠦᠢᠯᠡᠰ ᠤᠨ ᠳᠡᠭᠡᠳᠦ ᠲᠠᠰ ᠤᠨ ᠠᠵᠢᠯ ᠲᠥᠷᠥᠯ ᠤᠨ ᠬᠡᠪ ᠳᠠᠭᠤᠷᠢᠶᠠᠯ ᠢ ᠪᠣᠶ ᠪᠣᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠦ ᠠᠷᠠᠳ ᠢ ᠴᠢᠨᠡᠬᠡᠯᠢᠭᠵᠢᠬᠦᠯᠬᠦ ᠠᠵᠤ ᠦᠢᠯᠡᠰ ᠢ ᠴᠤᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠤᠨ᠂ ᠲᠤᠰ ᠭᠠᠵᠠᠷ ᠤᠨ ᠤᠯᠠᠨ ᠲᠦᠮᠡᠨ ᠤ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠶᠢ ᠲᠠᠶᠢᠴᠢᠯᠠᠵᠦ᠂《ᠡᠯᠡᠰᠦ ᠮᠠᠩᠬᠠᠨ ᠤ ᠡᠬᠢ ᠪᠠᠶᠠᠯᠢᠭ — ᠣᠨᠴᠠᠯᠢᠭᠲᠤ ᠠᠵᠤ ᠦᠢᠯᠡᠰ — ᠠᠷᠠᠳ ᠢ ᠴᠢᠨᠡᠬᠡᠯᠢᠭᠵᠢᠬᠦᠯᠦᠨ ᠣᠷᠣᠯᠭ᠎ᠠ ᠶᠢ ᠨᠡᠮᠡᠭᠳᠡᠭᠦᠯᠬᠦ》 ᠦᠷᠳᠡᠭ ᠤᠨ ᠪᠢᠲᠡᠭᠦᠦ ᠴᠠᠭᠠᠷᠢᠭ ᠢ ᠪᠦᠷᠢᠯᠳᠦᠭᠦᠯᠤᠨ᠂ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠎ᠡ᠃ ᠠᠯᠠᠱᠠ ᠠᠶᠢᠮᠠᠭ ᠴᠠᠭᠠᠨ ᠭᠤᠶᠣᠣ ᠶᠢᠨ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ ᠠᠳᠬᠤᠵᠤ᠂ ᠡᠵᠡᠩᠨᠡᠯᠳᠠ ᠶᠢᠨ ᠤᠷᠴᠢᠨ ᠨᠦᠬᠦᠴᠠᠯ ᠢ ᠤᠯᠠᠮ ᠨᠢᠬᠡ ᠠᠯᠬᠤᠮ ᠰᠢᠯᠢᠳᠡᠭᠵᠢᠬᠦᠯᠦᠨ᠂ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠲᠡᠮᠵᠢᠨ᠎ᠠ ᠬᠡᠪᠡ᠃
ᠴᠧᠩ ᠵᠢᠶᠧ ᠠᠯᠠᠱᠠ ᠶᠢᠨ ᠤᠷᠲᠤ ᠬᠤᠭᠤᠴᠠᠭᠠᠨ ᠤ ᠲᠤᠷᠰᠢᠬᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠠ᠃ ᠲᠡᠷᠡ᠂ ᠲᠤᠰ ᠤᠳᠠᠭᠠᠨ ᠤ ᠲᠥᠷᠥᠯ ᠵᠦᠢᠯ ᠳᠤ ᠣᠷᠣᠭᠰᠠᠨ ᠨᠢ ᠠᠵᠤ ᠠᠬᠤᠶᠢᠯᠠᠯ ᠤᠨ ᠬᠥᠭᠵᠢᠯᠲᠡ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠪᠤᠯᠬᠤᠷ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠳ᠋ᠦᠡᠭ ᠡᠸ᠋ ᠡᠸ᠋ ᠵᠢᠶᠣᠣ ᠶᠢᠨ ᠵᠠᠬ᠎ᠠ ᠳᠡᠯᠭᠡᠭᠦᠷ ᠤᠨ ᠲᠤᠷᠰᠢᠯᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠮᠡᠷᠭᠡᠵᠢᠯ ᠪᠣᠯᠣᠨ ᠠᠵᠢᠯ ᠲᠦᠷᠦᠯ ᠤᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠭᠦᠨᠵᠡᠭᠡᠢ ᠠᠭᠤᠰᠤᠯᠴᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠭᠰᠡᠨ᠂ ᠡᠷᠡᠭᠦᠯ ᠡᠩᠬᠡ ᠴᠢᠨᠠᠷ ᠰᠠᠶᠢᠲᠠᠢ ᠦᠢᠯᠡᠳᠬᠦᠨ ᠢ ᠨᠡᠭᠡᠭᠡᠨ ᠬᠥᠭᠵᠢᠭᠦᠯᠵᠦ᠂ ᠠᠯᠠᠱᠠ ᠶᠢᠨ ᠴᠠᠭᠠᠨ ᠭᠤᠶᠣᠣ ᠶᠢᠨ ᠣᠳᠣᠬᠢᠴᠢᠯᠠᠯᠲᠠ᠂ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠤᠨ᠂《ᠳᠤᠮᠳᠠᠳᠤ ᠤᠯᠤᠰ ᠤᠨ ᠴᠠᠭᠠᠨ ᠭᠤᠶᠣᠣ ᠶᠢᠨ ᠨᠤᠲᠤᠭ》 ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠠᠯᠠᠱᠠ ᠶᠢᠨ ᠴᠠᠭᠠᠨ ᠭᠤᠶᠣᠣ ᠶᠢ ᠡᠯᠡᠰᠦᠨ ᠤ ᠬᠦᠨ ᠠᠴᠠ ᠪᠦᠬᠦ ᠤᠯᠤᠰ ᠤᠨ ᠡᠯ᠎ᠠ ᠭᠠᠵᠡᠷ ᠤᠷᠤᠨ ᠳᠤ ᠬᠦᠷᠬᠡᠨ᠎ᠠ ᠬᠡᠪᠡ᠃
ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠯᠢᠦ ᠴᠥᠩ ᠰᠢᠶᠣᠣ ᠶᠤᠰᠤᠯᠠᠯ ᠳᠤ ᠣᠷᠣᠯᠴᠠᠪᠠ᠃