ᠵᠤᠬᠢᠶᠠᠭᠴᠢ:
ᠴᠠᠭ:2025-05-09
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠠᠶᠢᠮᠠᠭ ᠤᠨ ᠨᠠᠮ ᠤᠨ ᠬᠤᠷᠢᠶ᠎ᠠ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠨᠡᠷᠡᠶᠢᠳᠬᠦ ᠬᠤᠷᠠᠯ ᠬᠤᠷᠠᠯᠳᠤᠭᠤᠯᠪᠠ
2025 5 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ 2024 ᠣᠨ ᠤ《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ》 ᠢ ᠨᠡᠷᠡᠶᠢᠳᠬᠦ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠭᠢᠯᠡᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠵᠢᠴᠢ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠣᠳᠣᠷᠢᠳᠣᠯᠭ᠎ᠠ ᠬᠤᠷᠠᠯ ᠳᠤ ᠣᠷᠣᠯᠴᠠᠵᠠᠶ᠃
ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠸᠢ ᠬᠠᠶ ᠠᠶᠢᠮᠠᠭ ᠤᠨ ᠨᠠᠮ ᠤᠨ ᠬᠤᠷᠢᠶᠠᠨ ᠤ《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ》 ᠢ ᠨᠡᠷᠡᠶᠢᠳᠬᠦ ᠲᠤᠬᠠᠶ ᠲᠣᠭᠲᠠᠭᠠᠯ ᠢ ᠤᠩᠰᠢᠨ ᠨᠡᠶᠢᠲᠡᠯᠡᠵᠦ᠂ ᠠᠶᠢᠮᠠᠭ ᠤᠨ ᠤᠳᠤᠷᠢᠳᠤᠯᠭ᠎ᠠ《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ》 ᠤᠨ ᠲᠥᠯᠥᠭᠡᠯᠡᠭᠴᠢᠳ ᠲᠤ ᠱᠠᠩᠨᠠᠯ ᠤᠨ ᠲᠡᠮᠳᠡᠭ ᠪᠠ ᠦᠨᠡᠮᠯᠡᠯ ᠣᠯᠭᠤᠵᠤ᠂ 3 ᠲᠥᠯᠥᠭᠡᠯᠡᠭᠴᠢ ᠦᠭᠡ ᠬᠡᠯᠡᠪᠡ᠃
ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠬᠥᠬᠢᠭᠦᠯᠦᠯ ᠬᠦᠷᠲᠡᠭᠰᠡᠨ ᠨᠥᠬᠦᠳ ᠲᠤ ᠪᠠᠶᠠᠷ ᠬᠦᠷᠭᠡᠵᠦ᠂ ᠲᠡᠳᠡᠨ ᠢ ᠢᠷᠠᠭᠤ ᠠᠯᠳᠠᠷ ᠢᠶᠠᠨ ᠨᠠᠨᠳᠢᠩᠨᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠭᠠᠪᠢᠶ᠎ᠠ ᠪᠠᠶᠢᠭᠤᠯᠵᠤ᠂ ᠡᠯ᠎ᠡ ᠱᠠᠲᠤᠨ ᠤ ᠺᠠᠳ᠋ᠷᠴᠤᠳ ᠢ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠶᠢ ᠤᠷᠢᠶᠠᠯᠠᠵᠤ᠂ ᠬᠥᠮᠦᠨ ᠪᠦᠬᠦᠨ ᠢ ᠵᠣᠷᠢᠭᠲᠠᠶ ᠪᠠᠷ ᠠᠵᠢᠯ ᠶᠠᠪᠤᠳᠠᠯ ᠬᠢᠵᠦ᠂ ᠠᠵᠢᠯ ᠶᠠᠪᠤᠳᠠᠯ ᠬᠢᠬᠦ ᠳᠤᠷᠠᠲᠠᠶ ᠪᠠᠶᠢᠵᠦ᠂ ᠠᠵᠢᠯ ᠶᠠᠪᠤᠳᠠᠯ ᠪᠦᠲᠦᠭᠡᠵᠦ ᠴᠢᠳᠠᠬᠤ ᠬᠡᠷᠡᠭᠲᠡᠶ ᠭᠡᠵᠦ ᠱᠠᠭᠠᠷᠳᠠᠪᠠ᠃
ᠬᠤᠸᠠᠩ ᠶᠠ ᠯᠢ᠂ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠨᠢ ᠤᠯᠤᠰ ᠲᠦᠷᠦ ᠶᠢᠨ ᠬᠡᠪ ᠴᠢᠨᠠᠷ ᠪᠣᠯᠬᠤ ᠪᠠᠷ ᠪᠠᠷᠠᠬᠤ ᠦᠭᠡᠢ ᠪᠠᠰᠠ ᠵᠠᠰᠠᠭ ᠶᠠᠪᠤᠭᠤᠯᠬᠤ ᠬᠤᠪᠢ ᠪᠡᠶ᠎ᠡ ᠶᠢᠨ ᠡᠭᠦᠷᠭᠡ ᠶᠤᠮ᠃ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠯᠣᠭᠢᠭ ᠤᠨ ᠭᠠᠷᠤᠭ᠎ᠠ ᠪᠣᠯᠭᠠᠵᠤ᠂ ᠶᠡᠷᠦᠩᠬᠡᠶ ᠱᠦᠵᠢ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠬᠠᠮᠤᠭ ᠤᠨ ᠶᠡᠭᠡ ᠡᠭᠦᠷᠭᠡᠯᠡᠯ ᠪᠣᠯᠭᠠᠵᠤ᠂ ᠠᠷᠭ᠎ᠠ ᠪᠤᠳᠤᠵᠤ ᠪᠠᠶᠢᠭᠠᠳ ᠪᠣᠭᠤᠮᠢ ᠬᠢᠵᠠᠭᠠᠷᠯᠠᠯ ᠢ ᠡᠪᠳᠡᠵᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ《ᠲᠠᠪᠤᠨ ᠶᠡᠭᠡ ᠡᠭᠦᠷᠭᠡ》 ᠳᠤ ᠨᠠᠩ ᠣᠯᠠᠨ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠶ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂《ᠬᠡᠪᠰᠢᠮᠡᠯ ᠪᠠᠶᠢᠬᠤ》ᠬᠤᠶᠢᠷᠭᠤ ᠴᠢᠨᠠᠷ ᠢ ᠠᠷᠢᠯᠭᠠᠵᠤ᠂ 《ᠬᠠᠭᠤᠴᠢᠨ》ᠰᠡᠳᠬᠢᠬᠦᠶ ᠶᠢ ᠲᠠᠶᠠᠭᠳᠠᠵᠤ᠂《ᠠᠶᠤᠵᠤ ᠡᠮᠢᠶᠡᠬᠦ》ᠡᠷᠡᠭᠡᠯᠵᠡᠭᠡ ᠠᠴᠠ ᠪᠠᠨ ᠠᠩᠭᠢᠵᠢᠷᠠᠵᠤ᠂《ᠤᠴᠢᠷ ᠶᠠᠪᠤᠳᠠᠯ ᠬᠢᠬᠦ ᠳᠡᠭᠡᠨ ᠬᠡᠵᠢᠶᠡᠳᠡ ᠣᠷᠢᠳᠡᠪᠡᠷ ᠵᠢᠱᠢᠶ᠎ᠡ ᠡᠷᠢᠬᠦ》《ᠬᠤᠴᠣᠷᠤᠩᠭᠤᠶ ᠪᠣᠯ ᠶᠠᠷᠢᠶᠠᠨ ᠥᠬᠡᠶ ᠶᠠᠪᠣᠳᠠᠯ ᠶᠣᠮ》《ᠢᠯᠡᠭᠦᠦ ᠬᠢᠪᠡᠯ ᠢᠯᠡᠭᠦᠦ ᠪᠣᠷᠣᠭᠤᠳᠠᠵᠦ᠂ ᠳᠤᠲᠠᠭᠤ ᠬᠢᠪᠡᠯ ᠳᠤᠲᠠᠭᠤ ᠪᠣᠷᠣᠭᠤᠳᠠᠨᠠ》 ᠵᠡᠷᠭᠡ ᠪᠤᠷᠤᠭᠤ ᠲᠠᠨᠢᠯᠲᠠ ᠶᠢ ᠡᠷᠡᠰ ᠬᠤᠷᠢᠭᠯᠠᠵᠤ᠂ ᠥᠭᠡᠷᠡᠴᠢᠯᠡᠯᠲᠡ ᠶᠢᠨ ᠠᠷᠭ᠎ᠠ ᠪᠠᠷᠢᠯ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠬᠦᠴᠢᠷ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ᠂《ᠬᠦᠯᠢᠶᠡᠵᠦ ᠳᠡᠶᠢᠯᠬᠦ ᠥᠬᠡᠶ》ᠲᠤᠯᠭᠠᠮ ᠰᠡᠳᠬᠢᠯᠭᠡ᠂ 《ᠤᠳᠠᠭᠠᠰᠢᠷᠠᠭᠤᠯᠵᠤ ᠪᠣᠯᠬᠤ ᠥᠬᠡᠶ》ᠲᠦᠭᠰᠢᠭᠦᠷᠢᠲᠦ ᠰᠡᠳᠬᠢᠯᠭᠡ ᠪᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠴᠢᠳᠠᠮᠠᠭᠠᠢ ᠪᠠᠷ ᠰᠤᠷᠤᠯᠴᠠᠵᠤ ᠴᠢᠳᠠᠮᠠᠭᠠᠢ ᠪᠠᠷ ᠰᠡᠳᠬᠢᠵᠦ ᠴᠢᠳᠠᠪᠤᠷᠢ ᠪᠠᠨ ᠳᠡᠭᠡᠭᠰᠢᠯᠡᠭᠦᠯᠵᠦ᠂ ᠯᠠᠪᠳᠠᠭᠤᠨ ᠪᠠᠲᠤᠲᠠᠢ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠴᠢᠳᠠᠮᠠᠭᠠᠢ ᠪᠠᠷ ᠠᠷᠭ᠎ᠠ ᠤᠬᠠᠭᠠᠨ ᠰᠦᠪᠡᠭᠴᠢᠯᠡᠵᠦ ᠴᠢᠳᠠᠮᠠᠭᠠᠢ ᠪᠠᠷ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂《ᠰᠦᠪᠡᠭᠴᠢᠯᠡᠬᠦ᠂ ᠭᠦᠶᠦᠬᠦ᠂ ᠠᠩᠬᠠᠷᠬᠤ᠂ ᠨᠠᠶᠢᠳᠠᠪᠤᠷᠢᠵᠢᠭᠤᠯᠬᠤ᠂ ᠦᠢᠯᠡᠴᠢᠯᠡᠬᠦ》 ᠪᠠᠷ ᠠᠵᠢᠯ ᠢ ᠠᠬᠢᠭᠤᠯᠬᠤ ᠠᠷᠭ᠎ᠠ ᠶᠢ ᠭᠦᠢᠴᠡᠳ ᠰᠠᠶᠢᠲᠤᠷ ᠬᠡᠷᠡᠭᠯᠡᠵᠦ᠂《ᠪᠠᠳᠣ ᠳᠦᠰᠢᠭ》《ᠵᠢᠩᠬᠢᠨᠢ ᠡᠷᠳᠡᠮ ᠴᠢᠳᠠᠪᠤᠷᠢ》ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠲᠤᠯᠭᠠᠭᠤᠷᠢᠯᠠᠬᠤ ᠬᠡᠷᠡᠭᠲᠡᠢ᠃
ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠪᠣᠳᠠᠲᠤ ᠠᠮᠵᠢᠯᠲᠠ ᠪᠠᠷ ᠪᠠᠭᠠᠲᠤᠷᠴᠤᠳ ᠢ ᠰᠢᠯᠭᠠᠷᠠᠭᠤᠯᠤᠨ ᠬᠠᠷᠢᠭᠤᠴᠠᠯᠭ᠎ᠠ ᠡᠭᠦᠷᠭᠡᠯᠡᠵᠤ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ ᠢ ᠰᠢᠯᠭᠠᠷᠠᠭᠤᠯᠤᠨ ᠰᠤᠩᠭᠤᠵᠤ᠂《ᠶᠠᠭᠤ ᠬᠢᠭᠰᠡᠨ》ᠪᠠᠶᠢᠳᠠᠯ ᠢ ᠦᠵᠡᠭᠦ ᠪᠠᠷ ᠪᠠᠷᠠᠬᠤ ᠦᠭᠡᠢ᠂ ᠨᠡᠩ ᠴᠤ《ᠶᠠᠭᠤ ᠬᠢᠵᠦ ᠴᠢᠳᠠᠬᠤ》 ᠦᠵᠡᠵᠦ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠳᠡᠶᠢᠯᠬᠦ᠂ ᠠᠵᠢᠯ ᠪᠦᠲᠦᠭᠡᠵᠦ ᠳᠡᠶᠢᠯᠬᠦ ᠺᠠᠳ᠋ᠷ ᠢ ᠦᠨᠡᠨ ᠬᠦ ᠰᠣᠩᠭᠤᠨ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃
ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠣᠷᠣᠨ ᠳᠤ ᠬᠤᠪᠢᠶᠠᠷᠢ ᠲᠠᠯᠠᠪᠠᠢ ᠲᠤᠬᠢᠷᠠᠭᠤᠯᠵᠠᠢ᠃