ᠵᠤᠬᠢᠶᠠᠭᠴᠢ:
ᠴᠠᠭ:2025-05-31
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠬᠤᠸᠠᠩ ᠶᠠ ᠯᠢ ᠪᠠᠭᠠᠴᠤᠳ ᠬᠡᠦᠬᠡᠳ ᠢ ᠪᠣᠯᠭᠤᠭᠠᠨ ᠲᠣᠬᠤᠨᠢᠭᠤᠯᠵᠤ ᠶᠡᠭᠡ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
《6 · 1》 ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠪᠠᠭᠠᠴᠤᠳ ᠬᠡᠦᠬᠡᠳ ᠢ ᠡᠷᠬᠢᠨ ᠦᠵᠡᠵᠦ ᠲᠣᠬᠤᠨᠢᠭᠤᠯᠤᠭᠰᠠᠨ ᠪᠥᠭᠡᠳ ᠮᠠᠨ ᠤ ᠠᠶᠢᠮᠠᠭ ᠤᠨ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠦ᠂ ᠪᠦᠬᠦ ᠠᠶᠢᠮᠠᠭ ᠤᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠮᠠᠨᠳᠤᠴᠢᠯᠠᠯ ᠲᠠᠪᠰᠢᠬᠦᠯᠦᠨ᠂ ᠰᠢᠯᠭᠠᠭᠤᠯᠤᠭᠴᠢᠳ ᠰᠢᠯᠢᠳᠡᠭ ᠠᠮᠵᠢᠯᠳᠠ ᠤᠯᠬᠤ ᠶᠢ ᠵᠦᠡᠭᠨᠡᠪᠡ᠃
ᠠᠯᠠᠱᠠ ᠵᠡᠭᠦᠨ ᠬᠤᠰᠢᠭᠤᠨ ᠤ ᠲᠤᠯᠤᠳᠤᠭᠠᠷ ᠬᠡᠦᠬᠡᠳ ᠤᠨ ᠴᠡᠴᠡᠷᠯᠢᠭ ᠲᠤ᠂ ᠬᠤᠸᠠᠩ ᠶᠠ ᠯᠢ ᠬᠡᠤᠬᠡᠳ ᠤᠨ ᠤᠷᠠᠯᠠᠭᠰᠠᠨ ᠪᠦᠲᠦᠭᠡᠯ ᠢ ᠰᠣᠨᠢᠷᠬᠠᠬᠤ ᠶᠢᠨ ᠬᠠᠮᠲᠤ᠂ ᠬᠡᠤᠬᠡᠳ ᠲᠤ ᠪᠠᠶᠠᠷ ᠤᠨ ᠡᠳᠦᠷ ᠤᠨ ᠪᠡᠯᠡᠭ ᠬᠦᠷᠭᠡᠵᠡᠢ᠃ ᠬᠤᠸᠠᠩ ᠶᠠ ᠯᠢ ᠬᠡᠤᠬᠡᠳ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠪᠴᠠᠰᠤ ᠵᠠᠰᠠᠯ ᠤᠨ ᠦᠵᠡᠭᠦᠯᠭᠡ ᠶᠢ ᠰᠤᠨᠢᠷᠬᠠᠭᠠᠳ ᠠᠯᠠᠭ᠎ᠠ ᠲᠠᠰᠢᠨ ᠮᠠᠭᠲᠠᠬᠤ ᠶᠢᠨ ᠬᠠᠮᠲᠤ᠂ ᠬᠡᠦᠬᠡᠳ ᠢ ᠵᠣᠷᠢᠭᠲᠠᠢ ᠪᠠᠷ ᠥᠪᠡᠷ ᠢ ᠪᠠᠨ ᠳᠡᠯᠭᠡᠨ ᠦᠵᠡᠭᠦᠯᠬᠦ ᠶᠢ ᠵᠣᠷᠢᠭᠵᠢᠭᠤᠯᠵᠤ᠂ ᠲᠡᠳᠡᠨ ᠤ ᠡᠷᠡᠭᠦᠯ ᠴᠢᠭᠢᠷᠠᠭ ᠪᠠᠶᠠᠷ ᠬᠥᠷ ᠲᠠᠢ᠂ ᠢᠳᠡᠷᠡᠭᠦᠨ ᠢᠶᠠᠷ ᠦᠰᠦᠨ ᠪᠤᠶᠢᠵᠢᠬᠤ ᠶᠢ ᠵᠦᠡᠭᠨᠡᠵᠠᠢ᠃
ᠠᠯᠠᠱᠠ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ ᠶᠢᠨ《ᠬᠠᠭᠤᠴᠢᠨ ᠡᠳ᠋ ᠪᠠᠷᠠᠭᠠᠨ ᠤ ᠵᠠᠬ᠎ᠠ ᠳᠡᠯᠭᠡᠭᠦᠷ》ᠬᠦᠷ ᠬᠥᠭᠵᠢᠶᠡᠨ ᠢᠶᠠᠷ ᠪᠢᠯᠬᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠬᠤᠸᠠᠩ ᠶᠠ ᠯᠢ ᠳᠤ ᠤᠯᠠᠭᠠᠨ ᠪᠦᠴᠡ ᠵᠡᠭᠦᠯᠭᠡᠪᠡ᠃ ᠬᠤᠸᠠᠩ ᠶᠠ ᠯᠢ ᠣᠯᠠᠨ ᠤ《ᠲᠠᠸᠠᠷ ᠤᠨ ᠪᠣᠷᠤᠯᠠᠭᠤᠯᠭ᠎ᠠ》 ᠶᠢᠨ ᠲᠠᠨᠢᠯᠴᠠᠭᠤᠯᠭ᠎ᠠ ᠶᠢ ᠰᠣᠨᠣᠰᠴᠤ᠂ ᠰᠤᠷᠤᠭᠴᠢᠳ ᠲᠠᠢ ᠬᠠᠮᠲᠤ ᠪᠠᠷ《ᠵᠠᠬ᠎ᠠ ᠳᠡᠯᠭᠡᠭᠦᠷ》 ᠢᠶᠠᠷ ᠲᠣᠭᠤᠷᠢᠨ᠂ ᠰᠤᠷᠭᠠᠭᠤᠯᠢ ᠶᠢᠨ ᠬᠦᠷᠢᠶᠡᠨ ᠤ ᠠᠮᠢᠵᠢᠷᠠᠯ ᠤᠨ ᠬᠦᠴᠦᠨ ᠢ ᠤᠶᠢᠯᠠᠭᠠᠵᠦ᠂ ᠲᠡᠳᠡᠨ ᠢ ᠰᠠᠶᠢᠲᠤᠷ ᠰᠤᠷᠤᠯᠴᠠᠨ᠂ ᠪᠡᠶ᠎ᠡ ᠪᠠᠨ ᠢᠲᠡᠭᠡᠨ᠂ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ ᠵᠤᠷᠢᠠᠠᠵᠢᠭᠤᠯᠬᠤ ᠶᠢᠨ ᠬᠠᠮᠲᠦ᠂ ᠪᠠᠭᠰᠢ ᠨᠠᠷ ᠢ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠬᠡᠦᠬᠡᠳ ᠢ ᠬᠠᠷᠠᠬᠠᠨ ᠪᠠᠭ᠎ᠠ ᠠᠴᠠ ᠨᠢ ᠰᠢᠯᠢᠳᠡᠭ ᠦᠵᠡᠯ ᠰᠠᠨᠠᠭ᠎ᠠ᠂ ᠰᠢᠯᠢᠳᠡᠭ ᠶᠤᠰᠤ ᠮᠣᠷᠠᠯ᠂ ᠰᠢᠯᠢᠳᠡᠭ ᠵᠠᠩ ᠳᠠᠳᠬᠠᠯ ᠲᠠᠢ ᠪᠣᠯᠭᠠᠵᠤ᠂ ᠤᠯᠤᠰ ᠤᠷᠤᠨ ᠤ ᠢᠷᠡᠬᠡᠳᠦᠢ ᠶᠢᠨ ᠴᠡᠴᠡᠬᠡᠰ ᠢ ᠰᠠᠶᠢᠲᠤᠷ ᠬᠠᠶᠢᠷᠠᠯᠠᠨ ᠬᠠᠮᠠᠭᠠᠯᠠᠵᠤ ᠬᠥᠮᠥᠵᠢᠭᠦᠯᠤᠨ᠂ ᠴᠡᠴᠡᠬᠡᠰ ᠪᠣᠯᠭᠠᠨ ᠢ ᠭᠡᠷᠡᠯ ᠭᠢᠯᠪᠠᠭ᠎ᠠ ᠪᠠᠨ ᠰᠠᠴᠤᠷᠠᠭᠤᠯᠤᠨ ᠳᠡᠯᠭᠡᠷᠡᠭᠦᠯᠬᠦ ᠪᠡᠷ ᠬᠥᠮᠥᠵᠢᠭᠦᠯᠦᠬᠡᠷᠡᠢ ᠬᠡᠵᠦ ᠵᠤᠷᠢᠠᠠᠵᠢᠭᠤᠯᠪᠠ᠃
ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠶᠢᠨ ᠳᠤᠮᠳᠠᠳᠤ ᠰᠤᠷᠭᠠᠭᠤᠯᠢ ᠳᠤ ᠬᠤᠸᠠᠩ ᠶᠠ ᠯᠢ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠰᠢᠯᠭᠠᠯᠲᠠ ᠶᠢ ᠬᠦᠯᠢᠶᠡᠬᠦ ᠬᠠᠮᠢᠶᠠᠷᠤᠯᠲᠠ᠂ ᠦᠢᠯᠡᠴᠢᠯᠡᠭᠡ ᠪᠠᠲᠤᠯᠠᠭ᠎ᠠ᠂ ᠰᠢᠪᠲᠤᠯᠤᠯᠲᠠ ᠬᠢᠵᠦ ᠰᠢᠯᠭᠠᠯᠲᠠ ᠳᠤ ᠵᠡᠷᠭᠡ ᠨᠠᠷᠢᠨ ᠣᠶᠢᠯᠠᠭᠠᠪᠠ᠃ ᠲᠡᠷᠡ᠂ ᠪᠦᠬᠦ ᠤᠯᠤᠰ ᠤᠨ ᠨᠢᠬᠡᠳᠦᠯᠳᠡᠢ ᠰᠢᠯᠭᠠᠯᠲᠠ ᠨᠢ ᠰᠤᠷᠤᠭᠴᠢᠳ ᠤᠨ ᠢᠷᠡᠭᠡᠳᠦᠢ ᠪᠠ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ ᠪᠣᠯᠬᠤᠷ ᠰᠢᠯᠭᠠᠯᠲᠠ ᠠᠴᠠ ᠡᠮᠦᠨᠡᠬᠢ ᠬᠠᠪᠰᠤᠷᠤᠨ ᠵᠢᠯᠤᠭᠤᠳᠬᠤ᠂ ᠪᠣᠯᠪᠠᠰᠤᠷᠠᠯ ᠰᠣᠷᠢᠯᠲᠠ ᠶᠢ ᠨᠠᠷᠢᠨ ᠨᠢᠮᠪᠠᠢ ᠥᠷᠨᠢᠭᠦᠯᠵᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠴᠠᠬᠢᠯᠭᠠᠨ ᠬᠦᠴᠦᠨ ᠤ ᠬᠠᠩᠭᠠᠯᠭ᠎ᠠ᠂ ᠱᠤᠤᠬᠢᠶᠠᠨ ᠢ ᠂ ᠦᠨᠳᠦᠷ ᠬᠠᠯᠠᠭᠤᠨ ᠢ ᠰᠡᠷᠭᠡᠶᠢᠯᠡᠬᠦ᠂ ᠡᠮᠴᠢᠯᠡᠭᠡᠨ ᠦ ᠠᠪᠤᠷᠠᠯᠳᠠ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠠᠮᠤᠷ ᠲᠦᠪᠰᠢᠨ ᠲᠠᠭᠠᠯᠠᠮᠵᠢᠲᠠᠢ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠨ᠂ ᠰᠢᠯᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ᠂ ᠤᠷᠤᠭᠰᠢᠲᠠᠢ ᠪᠥᠭᠡᠳ ᠲᠡᠭᠦᠰ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠬᠤᠸᠠᠩ ᠶᠠ ᠯᠢ ᠪᠠᠰᠠ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠲᠤ ᠬᠦᠷᠴᠦ᠂ 3D ᠳᠠᠷᠤᠮᠠᠯᠯᠠᠯ᠂ ᠵᠢᠯᠣᠭᠤᠴᠢ ᠦᠭᠡᠢ ᠨᠢᠰᠬᠡᠯ᠂ ᠵᠣᠬᠢᠶᠠᠮᠠᠯ ᠣᠶᠤᠨ ᠵᠡᠷᠭᠡ ᠵᠢᠭᠠᠨ ᠰᠤᠷᠭᠠᠯᠲᠠ ᠶᠢᠨ ᠬᠡᠷᠡᠭᠯᠡᠭᠡ ᠶᠢ ᠣᠶᠢᠯᠠᠭᠠᠬᠤ ᠶᠢᠨ ᠬᠠᠮᠲᠦ᠂ ᠲᠡᠷᠢᠭᠦᠨ ᠤ ᠮᠡᠷᠭᠡᠵᠢᠯ ᠢ ᠰᠠᠶᠢᠲᠤᠷ ᠬᠡᠷᠡᠭᠯᠡᠵᠦ᠂ ᠵᠢᠭᠠᠨ ᠰᠤᠷᠭᠠᠯᠲᠠ ᠶᠢᠨ ᠵᠠᠭᠪᠤᠷ ᠢ ᠪᠠᠶᠠᠯᠢᠭᠵᠢᠭᠤᠯᠤᠨ᠂ ᠬᠢᠴᠢᠶᠡᠯ ᠤᠨ ᠲᠠᠩᠬᠢᠮ ᠤᠨ ᠪᠣᠳᠠᠲᠤ ᠪᠣᠯᠪᠠᠰᠤᠷᠠᠯ ᠤᠨ ᠴᠢᠨᠠᠷ ᠢ ᠴᠢᠩᠭᠠᠳᠬᠠᠵᠤ᠂ ᠰᠤᠷᠤᠭᠴᠢᠳ ᠤᠨ ᠬᠠᠷᠠᠭ᠎ᠠ ᠶᠢ ᠨᠡᠭᠡᠭᠡᠭᠳᠡᠭᠦᠯᠤᠨ᠂ ᠰᠡᠳᠬᠢᠬᠦᠢ ᠶᠢ ᠥᠷᠭᠡᠳᠬᠡᠵᠦ᠂ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠠᠶᠢᠮᠠᠭ ᠤᠨ ᠤᠳᠤᠷᠢᠳᠤᠯᠭ᠎ᠠ ᠯᠢᠦ ᠳ᠋ᠧ ᠼᠦᠢ ᠪᠠᠷ᠎ᠠ ᠪᠤᠯᠵᠦ ᠪᠠᠶᠢᠴᠠᠭᠠᠨ ᠰᠤᠳᠤᠯᠵᠠᠢ᠃