ᠵᠤᠬᠢᠶᠠᠭᠴᠢ:
ᠴᠠᠭ:2025-06-13
ᠥᠵᠡᠭᠰᠡᠨ : ℃
ᠢᠷᠡᠯᠲᠡ: ᠠᠯᠠᠱᠠ ᠠᠶᠢᠮᠠᠭ ᠤᠨ ᠵᠠᠬᠢᠷᠭ᠎ᠠ
ᠬᠤᠸᠠᠩ ᠶᠠ ᠯᠢ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠰᠢᠯᠵᠢᠭᠦᠯᠦᠨ ᠰᠶᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠡᠯ ᠤᠨ ᠬᠡᠷᠡᠭ ᠢ ᠰᠶᠢᠳᠪᠦᠷᠢᠯᠡᠭᠰᠡᠨ ᠪᠠ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠡᠴᠡ ᠪᠣᠯᠣᠭᠰᠠᠨ ᠨᠡᠬᠦᠳᠠᠯ ᠠᠷᠠᠳ ᠤᠨ ᠵᠢᠱᠢᠶ᠎ᠡ ᠦᠵᠡᠭᠦᠯᠬᠦ ᠣᠷᠣᠨ ᠪᠠ ᠠᠯᠠᠱᠠ ᠪᠠᠷᠠᠭᠤᠨ ᠬᠤᠰᠢᠭᠤᠨ ᠳᠤ ᠭᠦᠨᠵᠡᠭᠡᠶᠢᠷᠡᠨ᠂ ᠲᠥᠪ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠰᠢᠯᠵᠢᠭᠦᠯᠦᠨ ᠰᠶᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠯ ᠤᠨ ᠬᠡᠷᠡᠭ ᠢ ᠰᠶᠢᠳᠪᠦᠷᠢᠯᠡᠭᠰᠡᠨ ᠪᠠ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠨ ᠵᠢᠯᠣᠭᠤᠳᠪᠠ᠃
ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠡᠴᠡ ᠪᠣᠯᠣᠭᠰᠠᠨ ᠨᠡᠬᠦᠳᠠᠯ ᠠᠷᠠᠳ ᠤᠨ ᠵᠢᠱᠢᠶ᠎ᠡ ᠦᠵᠡᠭᠦᠯᠬᠦ ᠤᠷᠤᠨ ᠤ ᠬᠠᠲᠠᠭᠠᠬᠤ ᠲᠠᠳᠠᠭᠠᠯ ᠵᠢᠴᠢ ᠴᠠᠭᠠᠨ ᠳᠠᠪᠤᠰᠤᠨ ᠨᠠᠭᠤᠷ ᠲᠤ᠂ ᠬᠤᠸᠠᠩ ᠶᠠ ᠯᠢ ᠤᠰᠤᠨ ᠤ ᠴᠢᠨᠠᠷ ᠢ ᠬᠢᠨᠠᠨ ᠬᠡᠮᠵᠢᠬᠦ᠂ ᠵᠠᠰᠠᠯᠲᠠ ᠶᠢᠨ ᠶᠠᠰᠤ ᠴᠢᠨᠠᠷ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠠᠰᠠᠭᠤᠨ ᠣᠶᠢᠯᠠᠭᠠᠬᠤ ᠶᠢᠨ ᠬᠠᠮᠲᠦ᠂ ᠡᠷᠬᠢᠨ ᠲᠣᠭᠤᠷᠢᠨ ᠤ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ᠂ ᠨᠣᠭᠤᠭᠠᠷᠠᠭᠤᠯᠤᠯᠲᠠ ᠶᠢ ᠬᠠᠮᠢᠶᠠᠷᠤᠨ ᠬᠠᠮᠠᠭᠠᠯᠠᠬᠤ ᠵᠡᠷᠭᠡ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠤ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠠᠬᠤᠢ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠦᠶ᠎ᠠ ᠶᠢᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠠᠲᠠᠭᠠᠬᠤ ᠲᠠᠳᠠᠭᠠᠯ ᠵᠢᠴᠢ ᠴᠠᠭᠠᠨ ᠳᠠᠪᠤᠰᠤᠨ ᠨᠠᠭᠤᠷ ᠤᠨ ᠠᠮᠢ ᠠᠬᠤᠢ ᠶᠢ ᠰᠡᠷᠭᠦᠭᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂《ᠡᠷᠬᠢᠨ ᠬᠠᠷᠠᠬᠤ》ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠢᠭᠡᠨᠲᠡ ᠠᠵᠢᠯ ᠳᠠᠭᠤᠰᠤᠭᠰᠠᠨ ᠲᠦᠷᠦᠯ ᠵᠦᠢᠯ ᠤᠨ ᠦᠷ᠎ᠡ ᠪᠦᠲᠦᠮᠵᠢ ᠶᠢ ᠮᠦᠷᠳᠡᠨ ᠠᠰᠠᠭᠤᠬᠤ ᠶᠢ ᠴᠢᠩᠭᠠᠳᠬᠠᠨ᠂ ᠬᠢᠯᠪᠡᠷ ᠪᠤᠰᠤ ᠪᠠᠷ ᠣᠯᠣᠭᠰᠠᠨ ᠵᠠᠰᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃
ᠠᠯᠠᠱᠠ ᠪᠠᠷᠠᠭᠤᠨ ᠬᠤᠰᠢᠭᠤᠨ ᠤ ᠲᠠᠩᠰᠤᠭᠪᠤᠯᠠᠭ ᠰᠤᠮᠤ ᠳᠤ᠂ ᠬᠤᠸᠠᠩ ᠶᠠ ᠯᠢ ᠵᠠᠬᠢᠳᠠᠯ ᠰᠣᠷᠪᠤᠯᠵᠢᠯᠠᠯ ᠢᠶᠠᠷ ᠲᠤᠰᠬᠠᠭᠰᠠᠨ ᠠᠵᠤ ᠠᠬᠤᠶᠢᠯᠠᠯ ᠤᠨ ᠤᠰᠤ ᠬᠡᠷᠡᠭᠯᠡᠬᠦ ᠠᠰᠠᠭᠤᠳᠠᠯ ᠤᠨ ᠲᠣᠭᠤᠷᠢᠨ ᠳᠤ ᠬᠢᠨᠠᠨ ᠪᠠᠶᠢᠴᠠᠭᠠᠵᠤ ᠰᠶᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠬᠡᠯᠡᠬᠦ》ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠶᠢᠴᠠᠭᠠᠨ ᠬᠠᠷᠭᠤᠭᠤᠯᠬᠤ ᠠᠵᠢᠯ ᠢ ᠨᠠᠷᠢᠨ ᠨᠢᠮᠪᠠᠢ ᠥᠷᠨᠢᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠢ ᠠᠷᠪᠢᠳᠡᠢ ᠡᠷᠴᠢᠮᠵᠢᠬᠦᠯᠦᠨ ᠠᠰᠢᠭᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ᠂ ᠤᠯᠠᠭᠠᠨ ᠱᠤᠭᠤᠮ ᠢ ᠶᠠᠭᠠᠬᠢᠭᠰᠠᠨ ᠴᠤ ᠳᠠᠪᠠᠵᠤ ᠪᠣᠯᠬᠤ ᠦᠭᠡᠢ᠃ ᠬᠠᠨᠳᠣᠯᠭᠠᠳᠣ ᠴᠢᠨᠠᠷᠲᠠᠢ ᠪᠠᠷ ᠳᠤᠲᠠᠭᠤᠳᠠᠯ ᠢ ᠨᠥᠬᠦᠪᠦᠷᠢᠯᠡᠵᠦ᠂ ᠲᠣᠭᠲᠠᠴᠠ ᠶᠢ ᠲᠡᠬᠦᠯᠳᠡᠷᠵᠢᠬᠦᠯᠦᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠶᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠠᠤᠯᠢ ᠲᠣᠭᠲᠠᠭᠠᠯ ᠶᠣᠰᠣᠭᠠᠷ ᠵᠠᠬᠢᠳᠠᠯ ᠰᠣᠷᠪᠤᠯᠵᠢᠯᠡᠯ ᠤᠨ ᠬᠡᠷᠡᠭ ᠢ ᠰᠶᠢᠳᠪᠦᠷᠢᠯᠡᠨ᠂ ᠪᠣᠳᠠᠲᠠᠢ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠨᠡᠶᠢᠭᠡᠮ ᠤᠨ ᠬᠢᠨ ᠦ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠢ ᠬᠡᠵᠦ ᠴᠢᠬᠤᠯᠠᠴᠢᠯᠠᠪᠠ᠃
ᠠᠶᠢᠮᠠᠭ ᠤᠨ ᠤᠳᠤᠷᠢᠳᠤᠯᠭ᠎ᠠ ᠸᠧᠢ ᡁᠢ ᠬᠦᠸᠧ ᠪᠠᠷ᠎ᠠ ᠪᠤᠯᠵᠦ ᠪᠠᠶᠢᠴᠠᠭᠠᠨ ᠰᠤᠳᠤᠯᠵᠠᠢ᠃