ᠵᠤᠬᠢᠶᠠᠭᠴᠢ:
ᠴᠠᠭ:2025-06-25
ᠥᠵᠡᠭᠰᠡᠨ : ℃
ᠢᠷᠡᠯᠲᠡ:
ᠲᠥᠪ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠵᠢ ᠬᠢᠨᠠᠨ ᠪᠠᠢᠴᠠᠭᠠᠬᠤ ᠲᠤᠭᠤᠢᠯᠠᠩ ᠤᠨ ᠵᠠᠷᠯᠠᠨ ᠮᠡᠳᠡᠭᠳᠡᠭᠰᠡᠨ ᠲᠦᠩᠯᠢᠶᠣᠣ ᠬᠤᠳᠠ ᠵᠢᠨ ᠨᠡᠢ᠌ᠲᠡᠯᠢᠭ ᠬᠡᠷᠡᠭ ᠤᠨ ᠠᠰᠠᠭᠤᠳᠠᠯ ᠢ ᠴᠡᠭᠴᠡᠯᠡᠨ ᠰᠠᠢ᠌ᠵᠢᠷᠠᠭᠤᠯᠬᠤ ᠠᠵᠢᠯ ᠤᠨ ᠳᠠᠢ᠌ᠴᠢᠯᠠᠯᠲᠠ ᠵᠢᠨ ᠬᠤᠷᠠᠯ ᠬᠤᠷᠠᠯᠳᠤᠪᠠ
2025 ᠤᠨ ᠤ 6 ᠳ᠋ᠤᠭᠠᠷ ᠰᠠᠷ᠎ᠠ ᠵᠢᠨ 19 ᠤ ᠡᠳᠦᠷ᠂ ᠲᠥᠪ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠵᠢᠨ ᠬᠢᠨᠠᠨ ᠪᠠᠢᠴᠠᠭᠠᠬᠤ ᠲᠤᠭᠤᠢᠯᠠᠩ ᠤᠨ ᠵᠠᠷᠯᠠᠨ ᠮᠡᠳᠡᠭᠳᠡᠭᠰᠡᠨ ᠲᠦᠩᠯᠢᠶᠣᠣ ᠬᠤᠳᠠ ᠵᠢᠨ ᠨᠡᠢ᠌ᠲᠡᠯᠢᠭ ᠬᠡᠷᠡᠭ ᠤᠨ ᠠᠰᠠᠭᠤᠳᠠᠯ ᠢ ᠴᠡᠭᠴᠡᠯᠡᠨ ᠰᠠᠢ᠌ᠵᠢᠷᠠᠭᠤᠯᠬᠤ ᠠᠵᠢᠯ ᠤᠨ ᠳᠠᠢ᠌ᠴᠢᠯᠠᠯᠲᠠ ᠵᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠤᠷᠤᠨ ᠤ ᠨᠠᠮ ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠤᠳᠠ ᠵᠢᠨ ᠨᠠᠮ ᠤᠨ ᠬᠣᠷᠢᠶ᠎ᠠ ᠵᠢᠨ ᠱᠦᠵᠢ ᠮᠧᠩ ᠰᠢᠶᠠᠨ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ·ᠳᠠᠯᠠᠨᠲᠠᠢ ᠬᠤᠷᠠᠯ ᠳᠤ ᠤᠷᠤᠯᠴᠠᠭᠰᠠᠨ ᠤ ᠬᠠᠮᠲᠤ 《ᠲᠥᠪ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠵᠢᠨ ᠬᠢᠨᠠᠨ ᠪᠠᠢᠴᠠᠭᠠᠬᠤ ᠲᠤᠭᠤᠢᠯᠠᠩ ᠤᠨ ᠵᠠᠷᠯᠠᠨ ᠮᠡᠳᠡᠭᠳᠡᠭᠰᠡᠨ ᠨᠡᠢ᠌ᠲᠡᠯᠢᠭ ᠬᠡᠷᠡᠭ ᠤᠨ ᠠᠰᠠᠭᠤᠳᠠᠯ ᠢ ᠴᠡᠭᠴᠡᠯᠡᠨ ᠰᠠᠢ᠌ᠵᠢᠷᠠᠭᠤᠯᠬᠤ ᠲᠥᠰᠥᠯ 》 ᠢ ᠲᠠᠢ᠌ᠯᠪᠤᠷᠢᠯᠠᠪᠠ᠃ ᠳᠡᠳ᠋ ᠬᠤᠳᠠ ᠵᠢᠨ ᠳᠠᠷᠤᠭ᠎ᠠ ᠯᠢᠦᠢ ᠭᠦᠸᠧ ᠬᠤᠸᠠ᠂ ᠪᠠᠢ ᠯᠢ ᠵᠦ᠍ ᠲᠥᠪ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠵᠢᠨ ᠬᠢᠨᠠᠨ ᠪᠠᠢᠴᠠᠭᠠᠬᠤ ᠲᠤᠭᠤᠢᠯᠠᠩ ᠤᠨ ᠵᠠᠷᠯᠠᠨ ᠮᠡᠳᠡᠭᠳᠡᠭᠰᠡᠨ ᠨᠡᠢ᠌ᠲᠡᠯᠢᠭ ᠬᠡᠷᠡᠭ ᠤᠨ ᠪᠣᠳᠠᠲᠠᠢ ᠠᠰᠠᠭᠤᠳᠠᠯ ᠪᠣᠯᠣᠨ ᠰᠢᠯᠵᠢᠭᠦᠯᠦᠨ ᠲᠤᠰᠢᠶᠠᠭᠰᠠᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢ᠍ᠳᠪᠦᠷᠢᠯᠡᠭᠰᠡᠨ ᠪᠠᠢᠳᠠᠯ ᠢ ᠲᠤᠰ ᠲᠤᠰ ᠨᠡᠢ᠌ᠲᠡᠯᠡᠵᠡᠢ᠃
ᠮᠧᠩ ᠰᠢᠶᠠᠨ ᠳ᠋ᠦᠩ ᠵᠢᠭᠠᠵᠤ ᠭᠠᠷᠭᠠᠭᠰᠠᠨ ᠨᠢ᠂ ᠲᠥᠪ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠵᠢᠨ ᠬᠢᠨᠠᠨ ᠪᠠᠢᠴᠠᠭᠠᠬᠤ ᠲᠤᠭᠤᠢᠯᠠᠩ ᠡᠴᠡ ᠮᠠᠨ ᠤ ᠬᠣᠲᠠ ᠵᠢᠨ ᠣᠶ ᠮᠣᠳᠣ ᠨᠤᠲᠤᠭ ᠪᠡᠯᠴᠢᠭᠡᠷ ᠢ ᠡᠪᠳᠡᠭᠰᠡᠨ ᠠᠰᠠᠭᠤᠳᠠᠯ ᠬᠦᠨᠳᠦ ᠨᠣᠴᠢᠲᠠᠢ ᠣᠷᠣᠰᠢᠵᠤ ᠪᠠᠢ᠌ᠬᠤ ᠵᠢ ᠢᠯᠡᠴᠢᠯᠡᠪᠡ᠂ ᠰᠤᠷᠭᠠᠮᠵᠢ ᠭᠦᠨᠵᠡᠭᠡᠢ᠂ ᠨᠥᠯᠥᠭᠡ ᠮᠠᠭᠤ ᠪᠠᠢ᠌ᠨ᠎ᠠ᠃ ᠪᠦᠭᠦ ᠬᠣᠲᠠ ᠪᠠᠷ ᠵᠶ᠋ᠠᠨ ᠵᠣᠷᠢᠭ ᠰᠢᠭᠤᠳᠤᠨ᠂ ᠰᠢ ᠵᠢᠨ ᠫᠢᠩ ᠤᠨ ᠠᠮᠢ ᠠᠬᠤᠢ ᠵᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ ᠤᠨ ᠥᠪᠥᠷ ᠮᠣᠩᠭᠣᠯ ᠳᠤ ᠥᠭᠭᠦᠭᠰᠡᠨ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠭᠦᠨᠵᠡᠭᠡᠢ ᠰᠤᠷᠭᠠᠮᠵᠢ ᠠᠪᠴᠤ᠂ ᠦᠳᠲᠡᠷ ᠲᠦᠷᠭᠡᠨ ᠬᠥᠳᠡᠯᠦᠯᠴᠡᠵᠦ᠂ ᠲᠥᠪ ᠴᠢᠩᠭ᠎ᠠ ᠨᠠᠷᠢᠨ ᠬᠢᠨᠠᠮᠠᠭᠠᠢ ᠠᠵᠢᠯᠯᠠᠵᠤ᠂ ᠬᠦᠴᠦᠨ ᠵᠶ᠋ᠡᠨ ᠲᠥᠪᠯᠡᠷᠡᠭᠦᠯᠦᠨ ᠪᠦᠭᠦ ᠬᠤᠳᠠ ᠵᠢᠨ ᠠᠮᠢ ᠠᠬᠤᠢ ᠣᠷᠴᠢᠨ ᠲᠤᠭᠤᠷᠢᠨ ᠤ ᠬᠦᠷᠢᠶᠡᠨ ᠳᠡᠬᠢ ᠲᠣᠪᠣᠢ᠌ᠮᠠ ᠠᠰᠠᠭᠤᠳᠠᠯ ᠢ ᠴᠡᠭᠴᠡᠯᠡᠨ ᠰᠠᠢ᠌ᠵᠢᠷᠠᠭᠤᠯᠵᠤ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠪᠣᠯᠣᠨ ᠪᠦᠲᠦᠭᠡᠨ ᠪᠠᠢ᠌ᠭᠤᠯᠤᠯᠲᠠ ᠵᠢᠨ ᠠᠵᠢᠯ ᠤᠨ 《ᠡᠷᠬᠡ ᠴᠢᠯᠦᠭᠡ ᠪᠠᠨ ᠣᠯᠬᠤ ᠳᠠᠢᠯᠠᠯᠳᠤᠭᠠᠨ 》 ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠪᠣᠳᠠᠲᠤ ᠠᠵᠢᠯᠯᠠᠭ᠎ᠠ ᠪᠠᠷ ᠵᠶ᠋ᠠᠨ 《ᠬᠤᠶᠠᠷ ᠢ ᠲᠣᠭᠲᠠᠭ᠋ᠠᠭᠰᠠᠨ 》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭ᠋ᠠᠯᠠᠬᠤ 》ᠵᠢ ᠡᠷᠡᠰ ᠪᠡᠶᠡᠯᠡᠭᠦᠯᠬᠦ ᠬᠡᠷᠡᠭᠲᠡᠢ᠃ ᠴᠢᠩᠭ᠎ᠠ ᠪᠣᠳᠠᠲᠠᠢ ᠠᠵᠢᠯ ᠤᠨ ᠪᠠᠷᠢᠮᠵᠢᠶ᠎ᠠ ᠪᠠᠷ ᠢᠴᠢᠭᠦᠷᠢ ᠪᠠᠨ ᠮᠡᠳᠡᠵᠤ ᠡᠷᠡᠯᠬᠡᠭᠯᠡᠨ ᠠᠵᠢᠯᠯᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠤᠨ᠂ ᠡᠴᠦᠰ ᠲᠤᠨᠢ ᠲᠤᠯᠲᠠᠯ᠎ᠠ ᠴᠡᠭᠴᠡᠯᠡᠨ ᠰᠠᠢ᠌ᠵᠢᠷᠠᠭᠤᠯᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢ᠍ᠳᠪᠦᠷᠢᠯᠡᠬᠦ ᠶᠠᠰᠤ ᠴᠢᠨᠠᠷ ᠢ ᠨᠢᠭᠡᠳᠦᠯᠲᠡᠢ ᠲᠥᠯᠥᠪᠵᠢᠭᠦᠯᠦᠨ ᠨᠠᠢᠲᠠ ᠳᠤᠨᠢ ᠬᠠᠷᠠᠭᠠᠯᠵᠠᠵᠤ ᠳᠡᠭᠡᠭᠰᠢᠯᠡᠭᠦᠯᠦᠨ᠂ ᠠᠮᠢ ᠠᠬᠤᠢ ᠣᠷᠴᠢᠨ ᠲᠤᠭᠤᠷᠢᠨ ᠤ ᠬᠦᠷᠢᠶᠡᠨ ᠳᠤ ᠣᠷᠣᠰᠢᠵᠤ ᠪᠠᠢ᠌ᠭ᠎ᠠ ᠠᠰᠠᠭᠤᠳᠠᠯ ᠢ ᠪᠦᠭᠦ ᠲᠠᠯ᠎ᠠ ᠪᠠᠷ ᠪᠠᠢᠴᠠᠭᠠᠬᠤ ᠪᠠ ᠰᠢᠰᠲ᠋ᠧᠮ ᠲᠠᠢ ᠴᠡᠭᠴᠡᠯᠡᠨ ᠵᠠᠰᠠᠬᠤ ᠵᠢ ᠪᠦᠭᠦ ᠲᠠᠯ᠎ᠠ ᠳᠤ ᠭᠦᠷᠲᠡᠯ᠎ᠡ ᠴᠢᠩᠭᠠᠳᠬᠠᠵᠤ᠂ ᠰᠠᠬᠢᠯᠭ᠎ᠠ ᠪᠠᠲᠤ ᠳᠦᠷᠢᠮ ᠲᠤᠭᠲᠠᠭᠠᠯ ᠶᠤᠰᠤᠭᠠᠷ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠵᠢᠨ ᠠᠰᠠᠭᠤᠳᠠᠯ ᠤᠨ ᠬᠠᠷᠢᠭᠤᠴᠠᠯᠭ᠎ᠠ ᠨᠡᠬᠡᠮᠵᠢᠯᠡᠬᠦ ᠵᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠬᠢᠯᠢ ᠵᠢᠨ ᠴᠢᠬᠤᠯᠠ ᠠᠮᠢ ᠠᠬᠤᠢ ᠵᠢᠨ ᠠᠮᠤᠷ ᠳᠦᠪᠰᠢᠨ ᠤ ᠬᠠᠯᠬᠠᠪᠴᠢ ᠵᠢ ᠪᠦᠲᠦᠭᠡᠨ ᠪᠠᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠪᠡ᠃
ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠬᠣᠰᠢᠭᠤ ᠰᠢᠶᠠᠨ ᠬᠣᠲᠠ ᠲᠣᠭᠣᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃