ᠵᠤᠬᠢᠶᠠᠭᠴᠢ:
ᠴᠠᠭ:2025-08-14
ᠥᠵᠡᠭᠰᠡᠨ : ℃
ᠢᠷᠡᠯᠲᠡ:
ᠲᠦᠩᠯᠢᠶᠣᠤ ᠲᠦᠷᠢᠶᠡᠰᠦᠨ ᠣᠷᠣᠨ ᠰᠠᠭᠤᠴᠠ ᠪᠠᠲᠤᠯᠠᠭ᠎ᠠ ᠪᠠᠷ ᠳᠠᠮᠵᠢᠭᠤᠯᠤᠨ 25653 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ
ᠵᠢᠯ ᠳᠤ᠂ ᠮᠠᠨ ᠤ ᠬᠤᠲᠠ ᠲᠦᠷᠢᠶᠡᠰᠦᠨ ᠣᠷᠣᠨ ᠰᠠᠭᠤᠴᠠ ᠪᠠᠲᠤᠯᠠᠭ᠎ᠠ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠥᠷᠥ ᠪᠣᠳᠣᠯᠭ᠎ᠠ ᠦᠷᠭᠦᠯᠵᠢᠯᠡᠨ ᠰᠢᠯᠢᠳᠡᠭᠵᠢᠭᠦᠯᠬᠦ᠂ ᠬᠡᠷᠡᠭᠴᠡᠭᠡ ᠱᠠᠭᠠᠷᠳᠠᠯᠭ᠎ᠠ ᠨᠠᠷᠢᠯᠢᠭ ᠣᠨᠣᠴᠠᠲᠠᠶ ᠪᠠᠷ ᠵᠣᠯᠭᠠᠭᠤᠯᠬᠤ᠂ ᠦᠢᠯᠡᠴᠢᠯᠡᠭᠡᠨ ᠤ ᠬᠠᠮᠢᠶᠠᠷᠤᠯᠲᠠ ᠵᠢ ᠴᠢᠩᠭᠠᠳᠬᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 25653 ᠡᠷᠦᠬᠡ ᠣᠷᠣᠨ ᠰᠠᠭᠤᠴᠠ ᠬᠦᠴᠢᠷᠳᠡᠯᠲᠡᠶ ᠬᠥᠮᠦᠰ ᠲᠤ《ᠰᠠᠭᠤᠬᠤ ᠠᠴᠠ ᠣᠷᠣᠨ ᠰᠠᠭᠤᠴᠠ ᠲᠠᠢ 》 ᠬᠦᠰᠡᠯ ᠢ ᠨᠢ ᠲᠡᠷᠭᠡᠯᠰᠢᠭᠦᠯᠦᠭᠰᠡᠨ ᠵᠢᠠᠷ ᠪᠠᠷᠠᠬᠤ ᠦᠭᠡᠢ᠂ ᠪᠠᠰᠠ 1104 ᠡᠷᠦᠬᠡ ᠭᠡᠷ ᠪᠦᠯᠢ ᠳᠤ ᠲᠦᠷᠢᠶᠡᠰᠦᠯᠡᠯ ᠤᠨ ᠨᠥᠬᠦᠪᠥᠷᠢ ᠣᠯᠭᠤᠵᠤ᠂ 201.54 ᠲᠦᠮᠡᠨ ᠲᠥᠭᠦᠷᠢᠭ ᠲᠤ ᠬᠦᠷᠴᠡᠶ᠃ ᠮᠠᠨ ᠤ ᠬᠤᠲᠠ ᠭᠤᠶᠤᠴᠢᠯᠠᠯ ᠢ ᠬᠢᠨᠠᠨ ᠬᠠᠷᠭᠤᠭᠤᠯᠬᠤ ᠶᠠᠪᠤᠴᠠ ᠴᠢᠩᠭ᠎ᠠ ᠵᠢᠷᠤᠮᠵᠢᠭᠤᠯᠵᠤ᠂ 《ᠭᠤᠷᠪᠠᠨ ᠱᠠᠲᠤᠨ ᠤ ᠬᠢᠨᠠᠨ ᠬᠠᠷᠭᠤᠭᠤᠯᠤᠯᠲᠠ ᠭᠤᠷᠪᠠᠨ ᠱᠠᠲᠤᠨ ᠳᠤ ᠢᠯᠡ 》ᠵᠠᠷᠴᠢᠮ ᠢ ᠵᠢᠷᠤᠮᠯᠠᠨ᠂ ᠲᠦᠷᠢᠶᠡᠰᠦᠨ ᠣᠷᠣᠨ ᠰᠠᠭᠤᠴᠠ ᠪᠣᠳᠠᠰ ᠤᠨ ᠬᠡᠯᠪᠡᠷᠢ ᠪᠠᠷ ᠲᠦᠷᠢᠶᠡᠰᠦ ᠲᠣᠬᠢᠷᠠᠭᠤᠯᠬᠤ ᠵᠢᠴᠢ ᠲᠦᠷᠢᠶᠡᠰᠦᠯᠡᠯ ᠤᠨ ᠨᠥᠬᠦᠪᠥᠷᠢ ᠣᠯᠭᠤᠬᠤ ᠬᠢᠨᠠᠨ ᠬᠠᠷᠭᠤᠭᠤᠯᠬᠤ ᠪᠠ ᠣᠯᠭᠤᠬᠤ ᠠᠵᠢᠯ ᠢ ᠯᠠᠪᠳᠠᠭᠤᠨ ᠪᠠᠲᠤᠲᠠᠶ ᠬᠢᠵᠦ ᠃ ᠡᠨᠡ ᠵᠢᠯ ᠠᠴᠠ ᠨᠠᠰᠢ᠂ ᠪᠥᠬᠦ ᠬᠤᠲᠠ ᠳᠤ ᠲᠦᠷᠢᠶᠡᠰᠦᠨ ᠣᠷᠣᠨ ᠰᠠᠭᠤᠴᠠ ᠪᠣᠳᠠᠰ ᠤᠨ ᠬᠡᠯᠪᠡᠷᠢ ᠪᠠᠷ ᠲᠦᠷᠢᠶᠡᠰᠦ ᠲᠣᠬᠢᠷᠠᠭᠤᠯᠬᠤ ᠪᠠᠷ ᠳᠠᠮᠵᠢᠭᠤᠯᠤᠨ 603 ᠡᠷᠦᠬᠡ ᠳᠤ ᠰᠢᠨ᠎ᠡ ᠪᠠᠷ ᠪᠠᠲᠤᠯᠠᠭ᠎ᠠ ᠬᠠᠩᠭᠠᠵᠤ᠂ ᠲᠦᠷᠢᠶᠡᠰᠦᠯᠡᠯ ᠤᠨ ᠨᠥᠬᠦᠪᠥᠷᠢ ᠪᠠᠲᠤᠯᠠᠭ᠎ᠠ ᠡᠷᠦᠬᠡ ᠲᠣᠭ᠎ᠠ 110 ᠰᠢᠨ᠎ᠡ ᠪᠠᠷ ᠨᠡᠮᠡᠭᠳᠡᠪᠡ᠃ ᠡᠭᠦᠨ ᠤ ᠬᠠᠮᠲᠤ᠂ ᠪᠠᠲᠤᠯᠠᠭ᠎ᠠ ᠬᠠᠮᠤᠷᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠬᠡᠵᠦ᠂ ᠲᠦᠷᠢᠶᠡᠰᠦᠯᠡᠯ ᠤᠨ ᠨᠥᠬᠦᠪᠥᠷᠢ ᠲᠥᠷᠥ ᠪᠣᠳᠣᠯᠭ᠎ᠠ ᠦᠷᠭᠦᠯᠵᠢᠯᠡᠨ ᠰᠢᠯᠢᠳᠡᠭᠵᠢᠭᠦᠯᠦᠨ ᠳᠣᠭᠢᠷᠠᠭᠤᠯᠵᠤ᠂ ᠲᠣᠭᠲᠠᠪᠤᠷᠢᠲᠠᠶ ᠠᠵᠢᠯ ᠣᠯᠤᠭᠰᠠᠨ ᠬᠥᠯᠥᠰᠥᠨ ᠠᠵᠢᠯᠴᠢᠨ ᠪᠠ ᠰᠢᠨ᠎ᠡ ᠪᠠᠷ ᠠᠵᠢᠯ ᠣᠯᠤᠭᠰᠠᠨ ᠣᠷᠣᠨ ᠰᠠᠭᠤᠴᠠ ᠥᠬᠡᠶ ᠠᠵᠢᠯᠲᠠᠨ ᠠᠵᠢᠯᠴᠢᠨ ᠢ ᠲᠦᠷᠢᠶᠡᠰᠦᠨ ᠬᠡᠷ ᠤᠨ ᠲᠦᠷᠢᠶᠡᠰᠦᠯᠡᠯ ᠤᠨ ᠨᠥᠬᠦᠪᠥᠷᠢ ᠪᠠᠲᠤᠯᠠᠭ᠎ᠠ ᠬᠡᠪᠴᠢᠶᠡᠨ ᠳᠤ ᠣᠷᠣᠭᠤᠯᠪᠠ᠃ ᠣᠲᠣ ᠪᠣᠯᠲᠠᠯ᠎ᠠ᠂ ᠡᠨᠡ ᠵᠢᠯ ᠵᠢᠨ ᠲᠦᠷᠢᠶᠡᠰᠦᠨ ᠣᠷᠣᠨ ᠰᠠᠭᠤᠴᠠ ᠪᠣᠳᠠᠰ ᠤᠨ ᠬᠡᠯᠪᠡᠷᠢ ᠪᠠᠷ ᠲᠦᠷᠢᠶᠡᠰᠦ ᠲᠣᠬᠢᠷᠠᠭᠤᠯᠬᠤ ᠵᠢᠴᠢ ᠲᠦᠷᠢᠶᠡᠰᠦᠯᠡᠯ ᠤᠨ ᠨᠥᠬᠦᠪᠥᠷᠢ ᠣᠯᠭᠤᠬᠤ ᠪᠠᠷ ᠳᠠᠮᠵᠢᠭᠤᠯᠤᠨ᠂ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠭᠰᠡᠨ 162 ᠬᠥᠯᠥᠰᠥᠨ ᠠᠵᠢᠯᠴᠢᠨ᠂ ᠰᠢᠨ᠎ᠡ ᠪᠠᠷ ᠠᠵᠢᠯ ᠣᠯᠤᠭᠰᠠᠨ ᠣᠷᠣᠨ ᠰᠠᠭᠤᠴᠠ ᠥᠬᠡᠶ 40 ᠠᠵᠢᠯᠲᠠᠨ ᠠᠵᠢᠯᠴᠢᠨ ᠳᠤ ᠪᠠᠲᠤᠯᠠᠭ᠎ᠠ ᠬᠠᠩᠭᠠᠪᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠴᠢᠩᠭᠠᠳᠬᠠᠬᠤ ᠲᠥᠯᠥᠭᠡ᠂ ᠮᠠᠨ ᠤ ᠬᠤᠲᠠ ᠣᠲᠣ ᠣᠯᠠᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠵᠦ ᠪᠠᠶᠢᠭ᠎ᠠ ᠬᠡᠷ ᠪᠦᠯᠢ ᠳᠤ ᠬᠢᠷᠢ ᠬᠡᠮ ᠢ ᠳᠠᠬᠢᠨ ᠬᠢᠨᠠᠬᠤ ᠥᠷᠨᠢᠭᠦᠯᠵᠦ᠂ ᠣᠷᠣᠨ ᠰᠠᠭᠤᠴᠠ ᠪᠠᠲᠤᠯᠠᠭ᠎ᠠ ᠵᠢᠨ ᠨᠥᠬᠦᠴᠡᠯ ᠳᠤ ᠦᠭᠡᠢ ᠪᠣᠯᠣᠭᠰᠠᠨ ᠬᠡᠷ ᠪᠦᠯᠢ ᠢᠯᠭᠠᠷᠠᠭᠤᠯᠤᠨ ᠭᠠᠷᠭᠠᠪᠠ᠃ ᠣᠳᠣᠬᠠᠨ ᠳᠤ ᠭᠤᠤᠯ ᠬᠤᠲᠠ ᠲᠣᠭᠤᠷᠢᠭ ᠲᠤ 121 ᠡᠷᠦᠬᠡ ᠢᠯᠭᠠᠷᠠᠭᠤᠯᠤᠨ ᠭᠠᠷᠭᠠᠬᠤ ᠠᠵᠢᠯ ᠢ ᠤᠷᠤᠭᠰᠢᠲᠠᠶ ᠪᠡᠶᠡᠯᠡᠭᠦᠯᠪᠡ᠃