ᠵᠤᠬᠢᠶᠠᠭᠴᠢ:
ᠴᠠᠭ:2025-07-29
ᠥᠵᠡᠭᠰᠡᠨ : ℃
ᠢᠷᠡᠯᠲᠡ:
ᠮᠧᠩ ᠰᠢᠶᠠᠨ ᠳ᠋ᠦᠩ᠄ ᠴᠢᠬᠤᠯᠠ ᠶᠡᠬᠡ ᠲᠦᠷᠦᠯ ᠵᠦᠢᠯ ᠲᠥᠯᠥᠪᠵᠢᠭᠦᠯᠬᠦ ︽ ︾ ᠰᠠᠶᠢᠲᠤᠷ ᠬᠢᠵᠦ ᠴᠢᠨᠠᠷ ᠰᠠᠶᠢᠲᠠᠢ ᠳᠠᠪᠠᠯᠲᠠ ᠲᠠᠢ ᠬᠥᠭᠡᠭᠡᠵᠦ ᠭᠦᠢᠴᠡᠬᠦ ᠪᠠᠲᠤ ᠪᠡᠬᠢ ᠰᠠᠭᠤᠷᠢ ᠲᠠᠯᠪᠢᠵᠤ ᠥᠭᠬᠦ ᠬᠡᠷᠡᠭᠲᠡᠢ
2025 7 ᠰᠠᠷ᠎ᠠ ᠵᠢᠨ 22 ᠡᠳᠦᠷ᠂ ᠬᠤᠳᠠ ᠵᠢᠨ ᠬᠣᠷᠢᠶ᠎ᠠ ᠪᠦᠭᠦ ᠬᠤᠳᠠ ᠵᠢᠨ ᠭᠣᠣᠯᠳᠠᠯᠭ᠎ᠠ ᠲᠠᠢ ᠠᠬᠢᠭᠤᠯᠬᠤ ᠬᠣᠣᠰ ᠰᠠᠷ᠎ᠠ ᠵᠢᠨ ᠮᠡᠳᠡᠭᠦᠯᠦᠯᠲᠡ ᠦᠨᠡᠯᠡᠯᠲᠡ ᠵᠢᠨ ᠬᠤᠷᠠᠯ ᠬᠤᠷᠠᠯᠳᠤᠭᠤᠯᠵᠤ᠂ ᠴᠢᠬᠤᠯᠠ ᠶᠡᠬᠡ ᠲᠦᠷᠦᠯ ᠵᠦᠢᠯ ᠨᠠᠶᠢᠳᠠᠪᠤᠷᠢᠵᠢᠭᠤᠯᠬᠤ ᠵᠢᠨ ᠲᠣᠭᠣᠷᠢᠨ ᠠᠵᠢᠯᠯᠠᠭ᠎ᠠ ᠵᠢ ᠲᠥᠯᠥᠪᠵᠢᠭᠦᠯᠵᠦ᠂ ᠬᠤᠳᠠ ᠵᠢᠨ ᠳᠡᠳ᠋ ᠬᠤᠳᠠ ᠵᠢᠨ ᠳᠠᠷᠤᠭ᠎ᠠ ᠵᠢᠨ ᠬᠤᠪᠢᠳ᠋ᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ᠂ ᠡᠯ᠎ᠡ ᠬᠣᠰᠢᠭᠤ ᠰᠢᠶᠠᠨ ᠬᠤᠳᠠ ᠭᠣᠣᠯ ᠨᠥᠬᠥᠳ ᠲᠤᠰ ᠭᠠᠵᠠᠷ ᠴᠢᠬᠤᠯᠠ ᠶᠡᠬᠡ ᠲᠦᠷᠦᠯ ᠵᠦᠢᠯ ᠲᠥᠯᠥᠪᠵᠢᠭᠦᠯᠦᠭᠰᠡᠨ ᠪᠠᠶᠢᠳᠠᠯ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠤᠨ ᠦᠨᠡᠯᠡᠵᠦ᠂ ᠣᠷᠣᠰᠢᠵᠤ ᠪᠠᠶᠢᠭ᠎ᠠ ᠠᠰᠠᠭᠤᠳᠠᠯ ᠰᠤᠳᠤᠯᠤᠨ ᠰᠶᠢ᠍ᠳᠪᠦᠷᠢᠯᠡᠵᠦ᠂ ᠭᠣᠣᠯᠳᠠᠯᠭ᠎ᠠ ᠲᠠᠢ ᠡᠭᠦᠷᠭᠡ ᠵᠢ ᠲᠣᠬᠢᠷᠠᠭᠤᠯᠤᠨ ᠪᠠᠶᠢᠷᠢᠯᠠᠭᠤᠯᠪᠠ᠃ ᠮᠧᠩ ᠰᠢᠶᠠᠨ ᠳ᠋ᠦᠩ ᠡᠷᠭᠢᠯᠡᠵᠤ ᠶᠠᠷᠢᠶ᠎ᠠ ᠲᠠᠯᠪᠢᠵᠠᠢ᠃ • ᠳᠠᠯᠠᠨᠲᠠᠢ ᠬᠤᠷᠠᠯ ᠣᠷᠣᠯᠴᠠᠬᠰᠠᠨ ᠪᠥᠭᠡᠳ ᠪᠦᠭᠦ ᠬᠤᠲᠠ ᠵᠢᠨ ᠴᠢᠬᠤᠯᠠ ᠶᠡᠬᠡ ᠲᠦᠷᠦᠯ ᠵᠦᠢᠯ ᠲᠥᠯᠦᠪᠵᠢᠭᠦᠯᠭᠡ ᠵᠢᠨ ᠵᠠᠳᠠᠯᠤᠨ ᠦᠨᠡᠯᠡᠪᠡ᠃
᠂ ᠴᠢᠬᠤᠯᠠ ᠶᠡᠬᠡ ᠲᠦᠷᠦᠯ ᠵᠦᠢᠯ ᠲᠥᠯᠥᠪᠵᠢᠭᠦᠯᠬᠦ ᠠᠵᠢᠯ ᠪᠣᠯ ᠴᠢᠨᠠᠷ ᠰᠠᠶᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠰᠠᠭᠤᠷᠢ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠂ ᠬᠥᠭᠵᠢᠯᠲᠡ ᠵᠢᠨ ᠰᠠᠭᠤᠷᠢ ᠭᠦᠢᠴᠡᠳ ᠬᠤᠷᠠᠮᠳᠤᠭᠤᠯᠬᠤ ᠵᠠᠩᠭᠢᠯᠠᠭ᠎ᠠ ᠵᠢᠨ ᠡᠯᠧᠮᠧᠨ᠋ᠲ ᠪᠣᠯᠣᠨ᠎ᠠ᠃ ᠦᠵᠡᠯ ᠲᠠᠯ᠎ᠠ ᠪᠠᠷ ᠴᠢᠬᠤᠯᠠᠴᠢᠯᠠᠬᠤ ᠦᠭᠡᠢ᠂ ᠬᠠᠷᠢᠭᠤᠴᠠᠯᠭ᠎ᠠ ᠵᠢ ᠨᠠᠶᠢᠳᠠᠪᠤᠷᠢᠵᠢᠭᠤᠯᠬᠤ ᠦᠭᠡᠢ ᠪᠠᠶᠢᠬᠤ ᠠᠰᠠᠭᠤᠳᠠᠯ ᠵᠣᠷᠢᠭ ᠰᠢᠭᠤᠳᠤᠨ ᠰᠠᠶᠢᠲᠤᠷ ᠰᠶᠢ᠍ᠳᠪᠦᠷᠢᠯᠡᠵᠦ᠂ ᠬᠣᠲᠠ ᠵᠢᠨ ᠡᠯ᠎ᠡ ᠳᠡᠳ᠋ ᠬᠣᠲᠠ ᠵᠢᠨ ᠳᠠᠷᠤᠭ᠎ᠠ ᠨᠠᠷ 《ᠠᠵᠢᠯ ᠬᠠᠮᠢᠶᠠᠷᠬᠤ ᠡᠷᠬᠡᠪᠰᠢ ᠠᠵᠤ ᠦᠢᠯᠡᠰ ᠬᠠᠮᠢᠶᠠᠷᠬᠤ᠂ ᠠᠵᠤ ᠦᠢᠯᠡᠰ ᠬᠠᠮᠢᠶᠠᠷᠬᠤ ᠡᠷᠬᠡᠪᠰᠢ ᠲᠥᠷᠥᠯ ᠵᠦᠢᠯ ᠬᠠᠮᠢᠶᠠᠷᠬᠤ᠂ ᠲᠥᠷᠥᠯ ᠡᠷᠬᠡᠪᠰᠢ ᠲᠥᠷᠥᠯ ᠲᠥᠰᠥᠪᠯᠡᠯ 》 ᠵᠢ ᠦᠨᠡᠨ ᠬᠦ ᠪᠡᠶᠡᠯᠡᠭᠦᠯᠵᠦ᠂ ᠬᠣᠲᠠ ᠵᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠭᠣᠣᠯ ᠨᠥᠬᠥᠳ ᠰᠠᠯᠠᠭ᠎ᠠ ᠮᠥᠴᠢᠷ ᠲᠤᠰᠬᠠᠢ ᠮᠡᠷᠭᠡᠵᠢᠯ ᠦᠢᠯᠡᠳᠦᠯ ᠵᠢᠡᠨ ᠰᠠᠶᠢᠲᠤᠷ ᠪᠠᠳᠠᠷᠠᠭᠤᠯᠵᠤ᠂ ᠡᠯ᠎ᠡ ᠬᠣᠰᠢᠭᠤ ᠰᠢᠶᠠᠨ ᠬᠣᠲᠠ ᠲᠣᠭᠣᠷᠢᠭ ᠨᠠᠮ 《ᠨᠢᠭᠡᠳᠦᠭᠡᠷ ᠭᠠᠷ》 ᠬᠥᠲᠥᠯᠥᠨ ᠦᠢᠯᠡᠳᠦᠯ ᠵᠢᠡᠨ ᠪᠠᠳᠠᠷᠠᠭᠤᠯᠬᠤ ᠬᠡᠷᠡᠭᠲᠡᠢ᠃ ᠲᠥᠯᠥᠪᠵᠢᠭᠦᠯᠦᠭᠰᠡᠨ ᠭᠦᠨᠵᠡᠭᠡᠢ ᠪᠢᠰᠢ᠂ ᠨᠤᠲᠠᠯᠠᠯᠲᠠ ᠭᠦᠢᠴᠡᠳ ᠪᠤᠰᠤ ᠠᠰᠠᠭᠤᠳᠠᠯ ᠵᠣᠷᠢᠭ ᠰᠢᠭᠤᠳᠤᠨ ᠰᠶᠢ᠍ᠳᠪᠦᠷᠢᠯᠡᠵᠦ᠂ ᠠᠵᠤ ᠦᠢᠯᠡᠰ ᠲᠥᠯᠦᠪᠵᠢᠭᠦᠯᠭᠡ ᠨᠢᠭᠲᠠ ᠲᠦᠰᠢᠭᠯᠡᠬᠦ᠂ ᠬᠠᠷᠢᠴᠠᠭᠤᠯᠤᠭᠰᠠᠨ ᠳᠠᠪᠠᠭᠤᠯᠢᠭ ᠭᠦᠨᠵᠡᠭᠡᠢ ᠠᠭᠤᠳᠠᠯᠬᠤ᠂ ᠭᠠᠳᠠᠭᠠᠳᠤ ᠣᠷᠴᠢᠨ ᠬᠤᠷᠴᠠ ᠰᠡᠷᠭᠡᠭ ᠵᠢᠡᠷ ᠮᠡᠳᠡᠷᠡᠬᠦ᠂ ᠲᠤᠰᠬᠠᠢ ᠮᠡᠷᠭᠡᠵᠢᠯ ᠬᠦᠴᠦᠨ ᠢᠳᠡᠪᠬᠢᠲᠡᠢ ᠠᠰᠢᠭᠯᠠᠬᠤ ᠵᠡᠷᠭᠡ ᠲᠠᠯ᠎ᠠ ᠲᠦᠷᠦᠯ ᠲᠥᠯᠥᠪᠵᠢᠭᠦᠯᠵᠦ᠂ ᠲᠦᠷᠦᠯ ᠲᠥᠯᠦᠪᠵᠢᠭᠦᠯᠭᠡ ᠵᠢᠨ ᠨᠠᠷᠢᠯᠢᠭ ᠣᠨᠣᠪᠴᠢᠲᠤ ᠴᠢᠨᠠᠷ ᠪᠠ ᠬᠡᠷᠡᠭᠵᠢᠭᠦᠯᠦᠯᠲᠡ ᠵᠢᠨ ᠠᠮᠵᠢᠯᠲᠠ ᠵᠢᠨ ᠨᠤᠷᠮ᠎ᠠ ᠵᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠳᠤᠷᠢᠳᠤᠮᠵᠢ ᠨᠢ ᠢᠯᠡ ᠲᠣᠳᠣ ᠪᠢᠰᠢ᠂ ᠲᠣᠭᠲᠠᠴᠠ ᠨᠢ ᠪᠦᠷᠢᠨ ᠲᠡᠭᠦᠯᠳᠡᠷ ᠪᠤᠰᠤ ᠠᠰᠠᠭᠤᠳᠠᠯ ᠵᠣᠷᠢᠭ ᠰᠢᠭᠤᠳᠤᠨ ᠰᠶᠢ᠍ᠳᠪᠦᠷᠢᠯᠡᠵᠦ᠂ ᠲᠦᠷᠦᠯ ᠬᠥᠮᠥᠷᠭᠡ ᠵᠢ ᠱᠠᠲᠤ ᠬᠤᠪᠢᠶᠠᠨ ᠬᠠᠮᠢᠶᠠᠷᠬᠤ᠂ ᠲᠦᠷᠦᠯ ᠲᠥᠯᠥᠪᠵᠢᠭᠦᠯᠵᠦ ᠲᠦᠷᠦᠯ ᠬᠤᠪᠢᠶᠠᠨ ᠬᠢᠨᠠᠨ ᠰᠢᠯᠭᠠᠬᠤ ᠵᠢ ᠬᠡᠷᠡᠭᠵᠢᠭᠦᠯᠵᠦ᠂ ᠤᠷᠮᠠᠰᠢᠭᠤᠯᠬᠤ ᠱᠠᠩᠨᠠᠬᠤ ᠪᠣᠳᠠᠲᠠᠢ ᠠᠷᠭ᠎ᠠ ᠬᠡᠮᠵᠢᠶ᠎ᠡ ᠵᠢ ᠲᠣᠳᠣᠷᠬᠠᠶᠢᠯᠠᠵᠤ᠂ ᠯᠠᠪᠳᠠᠭᠤᠨ ᠪᠠᠲᠤᠲᠠᠢ ᠲᠦᠷᠦᠯ ᠨᠥᠭᠡᠴᠡᠯᠡᠯᠲᠡ ᠪᠠᠷ《ᠲᠦᠷᠦᠯ ᠵᠦᠢᠯ ᠵᠢᠡᠷ ᠭᠣᠣᠯ ᠂ ᠤᠷᠢᠬᠤ ᠪᠠᠷ ᠭᠣᠣᠯᠳᠠᠯᠭ᠎ᠠ 》 ᠪᠠᠶᠢᠯᠳᠤᠬᠤ ᠪᠣᠳᠣᠯᠭ᠎ᠠ ᠵᠢᠨ ᠴᠢᠭᠯᠡᠯᠲᠡ ᠵᠢ ᠬᠦᠴᠦᠲᠡᠢ ᠬᠡᠷᠡᠭᠲᠡᠢ ᠭᠡᠪᠡ᠃