ᠵᠤᠬᠢᠶᠠᠭᠴᠢ:
ᠴᠠᠭ:2025-08-18
ᠥᠵᠡᠭᠰᠡᠨ : ℃
ᠢᠷᠡᠯᠲᠡ:
ᠲᠦᠩᠯᠢᠶᠣᠣ ᠬᠣᠲᠠ ᠬᠤᠭᠤᠴᠠᠭᠠᠨ ᠤ ᠬᠣᠷᠴᠢᠨ ᠤ ᠪᠡᠶ᠎ᠡ ᠲᠠᠮᠢᠷ ᠤᠨ ᠴᠤᠭᠯᠠᠭᠠᠨ ᠤ ︽ᠵᠡᠮᠳᠡᠭᠴᠦᠳ ᠬᠢᠭᠡᠳ ᠡᠷᠡᠭᠦᠯᠵᠢᠯ ᠢ ᠠᠭᠤᠰᠤᠯᠴᠠᠭᠤᠯᠬᠤ︾ ᠰᠣᠨᠢᠷᠬᠠᠯᠳᠤ ᠪᠡᠶ᠎ᠡ ᠲᠠᠮᠢᠷ ᠤᠨ ᠴᠤᠭᠯᠠᠭᠠᠨ ᠶᠠᠪᠤᠭᠳᠠᠪᠠ
ᠪᠦᠭᠦ ᠤᠯᠤᠰ ᠤᠨ 17 ᠳᠠᠬᠢ 《ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ》 ᠵᠢᠴᠢ 15 ᠳ᠋ᠤᠭᠠᠷ ᠬᠤᠭᠤᠴᠠᠭᠠᠨ ᠤ 《ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠭᠠᠷᠠᠭ》ᠬᠦᠷᠴᠦ ᠢᠷᠡᠬᠦ ᠲᠠᠰᠢᠷᠠᠮ ᠵᠢᠠᠷ᠂ ᠲᠦᠩᠯᠢᠶᠣᠣ ᠬᠤᠳᠠ ᠵᠡᠮᠳᠡᠭᠴᠦᠳ ᠤᠨ ᠬᠣᠯᠪᠣᠭᠠᠲᠤ ᠬᠤᠷᠠᠯ᠂ ᠲᠦᠩᠯᠢᠶᠣᠣ ᠲᠠᠮᠢᠷ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠲᠦᠩᠯᠢᠶᠣᠣ ᠬᠤᠳᠠ ᠬᠤᠭᠤᠴᠠᠭᠠᠨ ᠤ ᠬᠣᠷᠴᠢᠨ ᠤ ᠪᠡᠶ᠎ᠡ ᠲᠠᠮᠢᠷ ᠤᠨ ᠴᠤᠭᠯᠠᠭᠠᠨ ᠤ 《ᠵᠡᠮᠳᠡᠭᠴᠦᠳ ᠬᠢᠭᠡᠳ ᠡᠷᠡᠭᠦᠯᠵᠢᠯ ᠢ ᠠᠭᠤᠰᠤᠯᠴᠠᠭᠤᠯᠬᠤ》 ᠰᠣᠨᠢᠷᠬᠠᠯᠳᠤ ᠪᠡᠶ᠎ᠡ ᠲᠠᠮᠢᠷ ᠤᠨ ᠴᠤᠭᠯᠠᠭᠠᠨ ᠲᠦᠩᠯᠢᠶᠣᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠮᠢᠷ ᠤᠨ ᠣᠷᠳᠣᠨ ᠳᠤ ᠨᠢᠵᠢᠭᠢᠷ ᠰᠠᠶᠢᠬᠠᠨ ᠶᠠᠪᠤᠭᠳᠠᠪᠠ᠃ ᠪᠦᠭᠦ ᠡᠯ᠎ᠡ ᠬᠣᠰᠢᠭᠤ ᠰᠢᠶᠠᠨ ᠬᠤᠳᠠ ᠲᠣᠭᠣᠷᠢᠭ ᠤᠨ ᠵᠡᠮᠳᠡᠭᠴᠦᠳ ᠤᠨ ᠲᠥᠯᠥᠭᠡᠯᠡᠭᠴᠢᠳ ᠤᠨ ᠠᠩᠭᠢ 150 ᠭᠠᠷᠤᠢ ᠲᠠᠮᠢᠷᠴᠢᠨ ᠵᠢᠴᠢ ᠬᠢᠨᠠᠭᠴᠢ᠂ ᠠᠵᠢᠯᠲᠠᠳ ᠣᠷᠣᠯᠴᠠᠵᠤ᠂ ᠲᠤᠰ ᠤᠳᠠᠭᠠᠨ ᠤ ᠲᠠᠮᠢᠷ ᠤᠨ ᠴᠤᠭᠯᠠᠭᠠᠨ ᠨᠢ ᠰᠣᠨᠢᠷᠬᠠᠯᠳᠤ ᠬᠥᠳᠡᠯᠭᠡᠭᠡᠨ ᠬᠣᠯᠪᠣᠭᠠᠰᠤ ᠪᠤᠯᠭᠠᠵᠤ᠂ ᠵᠡᠮᠳᠡᠭᠴᠦᠳ ᠬᠢᠭᠡᠳ ᠡᠷᠡᠭᠦᠯᠵᠢᠯ ᠤᠨ ᠦᠢᠯᠡᠰ ᠢ ᠬᠠᠷᠢᠯᠴᠠᠨ ᠠᠭᠤᠰᠤᠯᠴᠠᠭᠤᠯᠬᠤ ᠰᠢᠨ᠎ᠡ ᠬᠠᠭᠤᠳᠠᠰᠤ ᠪᠢᠴᠢᠭᠯᠡᠵᠡᠢ᠃
ᠬᠤᠭᠤᠴᠠᠭᠠᠨ ᠤ ᠬᠣᠷᠴᠢᠨ ᠤ ᠲᠠᠮᠢᠷ ᠤᠨ ᠴᠤᠭᠯᠠᠭᠠᠨ ᠤ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠲᠤᠰ ᠤᠳᠠᠭᠠᠨ ᠤ ᠤᠷᠤᠯᠳᠤᠭᠠᠨ ᠳᠤ ᠪᠤᠤᠯᠢᠩ ᠪᠥᠮᠪᠥᠭᠡ ᠰᠢᠳᠡᠬᠦ᠂ ᠭᠤᠷᠪᠠᠨ ᠬᠥᠮᠥᠨ ᠤ ᠰᠣᠨᠢᠷᠬᠠᠯᠳᠤ ᠥᠷᠢᠰᠦᠯᠳᠦᠭᠡᠨ᠂ ᠬᠠᠮᠲᠤ ᠪᠤᠤᠬᠢᠶ᠎ᠠ ᠤᠷᠤᠯᠳᠤᠭᠠᠨ᠂ ᠲᠡᠪᠡᠭ ᠰᠢᠳᠡᠬᠦ ᠵᠡᠷᠭᠡ 8 ᠲᠦᠷᠦᠯ ᠤᠨ ᠤᠷᠤᠯᠲᠤᠭᠠᠨ ᠢ ᠲᠣᠬᠢᠷᠠᠭᠤᠯᠵᠤ᠂ ᠰᠣᠨᠢᠷᠬᠠᠯᠳᠤ ᠴᠢᠨᠠᠷ᠂ ᠵᠤᠭ᠎ᠠ ᠴᠡᠩᠭᠡᠯᠲᠦ ᠴᠢᠨᠠᠷ᠂ ᠬᠠᠮᠵᠢᠯᠴᠠᠬᠤ ᠴᠢᠨᠠᠷ ᠪᠠ ᠥᠷᠢᠰᠦᠯᠳᠦᠬᠦ ᠴᠢᠨᠠᠷ ᠢ ᠨᠢᠭᠡᠳᠬᠡᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠷᠢ ᠲᠦᠪᠰᠢᠨ ᠢ ᠦᠵᠡᠭᠦᠯᠦᠭᠰᠡᠨ ᠪᠠᠷᠠᠬᠤ ᠦᠭᠡᠢ ᠪᠠᠰᠠ ᠪᠦᠯᠭᠦᠮ ᠨᠡᠶᠢᠳᠡ ᠬᠠᠮᠵᠢᠯᠴᠠᠬᠤ ᠴᠢᠳᠠᠪᠤᠷᠢ ᠬᠠᠷᠠᠭᠤᠯᠤᠭᠰᠠᠨ ᠪᠠᠶᠢᠨ᠎ᠠ᠃
ᠲᠤᠰ ᠤᠳᠠᠭᠠᠨ ᠤ ᠠᠵᠢᠯᠯᠠᠭ᠎ᠠ ᠨᠢ ᠵᠡᠮᠳᠡᠭᠴᠦᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠷᠡᠭᠦᠯᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠩ ᠴᠤ ᠪᠦᠭᠦ ᠨᠡᠶᠢᠭᠡᠮ ᠳᠤ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠡᠭᠦᠳᠴᠦ᠂ ᠮᠠᠨ ᠤ ᠬᠤᠲᠠ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠠᠯᠠᠭᠤᠨ ᠳᠤᠯᠠᠭᠠᠨ ᠬᠦᠴᠦᠨ ᠢ ᠨᠢᠭᠲᠠᠷᠠᠭᠤᠯᠵᠠᠢ᠃