ᠵᠤᠬᠢᠶᠠᠭᠴᠢ:
ᠴᠠᠭ:2025-10-15
ᠥᠵᠡᠭᠰᠡᠨ : ℃
ᠢᠷᠡᠯᠲᠡ:
ᠮᠠᠨ ᠤ ᠬᠣᠲᠠ ᠵᠢᠨ ᠭᠤᠷᠪᠠᠨ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠵᠢᠨ︽ᠵᠢᠷᠭᠤᠭᠠᠨ ᠰᠢᠨ᠎ᠡ︾ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠢᠡᠷ ᠦᠨᠡᠯᠡᠭᠳᠡᠪᠡ
ᠶᠠᠪᠤᠭᠳᠠᠭᠰᠠᠨ ᠠᠷᠪᠠᠨ ᠬᠣᠶᠠᠳᠤᠭᠠᠷ ᠬᠤᠭᠤᠴᠠᠭᠠᠨ ᠤ ᠥᠪᠥᠷ ᠮᠣᠩᠭᠣᠯ ᠤᠨ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠢᠨ ᠦᠵᠡᠰᠭᠦᠯᠡᠩ ᠵᠢᠴᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠵᠢᠨ《ᠵᠢᠷᠭᠤᠭᠠᠨ ᠰᠢᠨ᠎ᠡ》ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠬᠦ ᠬᠤᠷᠠᠯ ᠳᠡᠭᠡᠷ᠎ᠡ᠂ ᠮᠠᠨ ᠤ ᠬᠣᠲᠠ ᠵᠢᠨ《ᠡᠷᠳᠡᠨᠢ ᠰᠢᠰᠢ ᠵᠢᠨ ᠰᠢᠨ᠎ᠡ ᠡᠭᠦᠯᠳᠡᠷ T397 ᠵᠢ ᠰᠣᠩᠭᠣᠨ ᠪᠣᠶᠢᠵᠢᠭᠤᠯᠬᠤ》 《ᠡᠷᠲᠡ ᠪᠣᠯᠪᠠᠰᠤᠷᠠᠬᠤ ᠨᠢᠭᠲᠠ ᠲᠠᠷᠢᠬᠤ ᠳᠤ ᠲᠣᠬᠢᠷᠠᠬᠤ ᠪᠠ ᠮᠠᠰᠢᠨ ᠵᠢᠠᠷ ᠬᠤᠷᠢᠶᠠᠬᠤ ᠳᠤ ᠲᠣᠬᠢᠷᠠᠮᠵᠢᠲᠠᠢ ᠰᠢᠨ᠎ᠡ ᠡᠭᠦᠯᠳᠡᠷ TK601 ᠵᠢ ᠰᠣᠩᠭᠣᠨ ᠪᠣᠶᠢᠵᠢᠭᠤᠯᠬᠤ》《ᠬᠣᠷᠴᠢᠨ ᠤ ᠡᠯᠡᠰᠦᠷᠬᠡᠭ ᠭᠠᠵᠠᠷ ᠤᠨ 〈ᠡᠪᠦᠯ ᠤᠨ ᠬᠠᠷ᠎ᠠ ᠪᠤᠭᠤᠳᠠᠢ〉 ᠳᠠᠷᠢᠬᠤ》ᠭᠤᠷᠪᠠᠨ ᠵᠦᠢᠯ ᠤᠨ ᠮᠡᠷᠭᠡᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠵᠢᠨ《ᠵᠢᠷᠭᠤᠭᠠᠨ ᠰᠢᠨ᠎ᠡ》ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠢᠡᠷ ᠦᠨᠡᠯᠡᠭᠳᠡᠪᠡ᠃
ᠮᠠᠨ ᠤ ᠬᠣᠲᠠ ᠳᠡᠯᠡᠬᠡᠢ ᠵᠢᠨ ᠭᠤᠷᠪᠠᠨ ᠲᠣᠮᠣ ᠰᠢᠵᠢᠷ ᠠᠯᠲᠠᠨ ᠡᠷᠳᠡᠨᠢ ᠰᠢᠰᠢ ᠵᠢᠨ ᠪᠦᠰᠡ ᠵᠢᠨ ᠨᠢᠭᠡ ᠪᠤᠯᠬᠤ ᠳᠤᠮᠳᠠᠳᠤ ᠤᠯᠤᠰ ᠤᠨ ᠵᠡᠭᠦᠨ ᠬᠣᠶᠢᠲᠤ ᠵᠢᠨ ᠡᠷᠳᠡᠨᠢ ᠰᠢᠰᠢ ᠵᠢᠨ ᠪᠦᠰᠡ ᠳᠤ ᠪᠠᠶᠢᠷᠢᠯᠠᠵᠤ ᠪᠤᠢ᠃ 2024 ᠣᠨ ᠳᠤ᠂ ᠪᠦᠭᠦ ᠬᠣᠲᠠ ᠵᠢᠨ ᠠᠮᠤ ᠪᠤᠳᠠᠭ᠎ᠠ ᠵᠢᠨ ᠲᠠᠷᠢᠮᠠᠯ 1904.73 ᠲᠦᠮᠡᠨ ᠮᠦ ᠳᠤ ᠬᠦᠷᠴᠦ᠂ ᠡᠭᠦᠨ ᠳᠤ ᠡᠷᠳᠡᠨᠢ ᠰᠢᠰᠢ ᠵᠢᠨ ᠲᠠᠷᠢᠮᠠᠯ 1771.57 ᠲᠦᠮᠡᠨ ᠮᠦ ᠳᠤ ᠬᠦᠷᠴᠦ᠂ ᠡᠷᠳᠡᠨᠢ ᠰᠢᠰᠢ ᠵᠢᠨ ᠡᠭᠦᠯᠳᠡᠷ ᠢ ᠰᠣᠩᠭᠣᠨ ᠪᠣᠶᠢᠵᠢᠭᠤᠯᠬᠤ ᠨᠢ ᠮᠠᠨ ᠤ ᠬᠣᠲᠠ ᠵᠢᠨ ᠠᠮᠤ ᠪᠤᠳᠠᠭᠠᠨ ᠤ ᠦᠢᠯᠡᠳᠪᠦᠷᠢᠯᠡᠯ ᠳᠤ ᠲᠤᠶᠢᠯ ᠤᠨ ᠴᠢᠬᠤᠯᠠ ᠪᠠᠶᠢᠳᠠᠭ᠃ ᠮᠠᠨ ᠤ ᠬᠤᠲᠠ ᠵᠢᠨ ᠲᠣᠰ ᠤᠳᠠᠭ᠎ᠠ ᠵᠢᠨ 《ᠵᠢᠷᠭᠤᠭᠠᠨ ᠰᠢᠨ᠎ᠡ》ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠢᠡᠷ ᠦᠨᠡᠯᠡᠭᠳᠡᠭᠰᠡᠨ ᠭᠤᠷᠪᠠᠨ ᠵᠦᠢᠯ ᠤᠨ ᠦᠷ᠎ᠡ ᠪᠦᠲᠦᠭᠡᠯ ᠤᠨ ᠳᠣᠲᠣᠷᠠᠬᠢ ᠬᠣᠶᠠᠷ ᠵᠦᠢᠯ ᠢ ᠨᠢ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠡᠷᠳᠡᠨᠢ ᠰᠢᠰᠢ ᠵᠢ ᠰᠣᠩᠭᠣᠨ ᠪᠣᠶᠢᠵᠢᠭᠤᠯᠬᠤ ᠵᠢᠴᠢ ᠰᠢᠨ᠎ᠡ ᠡᠭᠦᠯᠳᠡᠷ ᠰᠢᠯᠭᠠᠨ ᠰᠣᠩᠭᠣᠬᠤ ᠰᠤᠳᠤᠯᠭᠠᠨ ᠤ ᠰᠢᠨ᠎ᠡ ᠵᠢ ᠡᠭᠦᠳᠬᠦ ᠴᠢᠳᠠᠪᠤᠷᠢᠲᠠᠨ ᠤ ᠪᠦᠯᠭᠦᠮ ᠨᠡᠶᠢᠲᠡ ᠠᠴᠠ ᠰᠤᠳᠤᠯᠤᠨ ᠨᠡᠭᠡᠭᠡᠭᠰᠡᠨ ᠶᠤᠮ᠃
ᠣᠶᠢᠯᠠᠭᠠᠭᠰᠠᠨ ᠵᠢᠠᠷ᠂ T397 ᠪᠣᠯ ᠳᠤᠮᠳᠠ ᠪᠠ ᠣᠷᠣᠢ ᠪᠣᠯᠪᠠᠰᠤᠷᠠᠬᠤ ᠡᠷᠳᠡᠨᠢ ᠰᠢᠰᠢ ᠵᠢᠨ ᠡᠭᠦᠯᠳᠡᠷ ᠪᠠᠶᠢᠵᠤ᠂ ᠵᠣᠬᠢᠴᠠᠬᠤ ᠴᠢᠨᠠᠷ ᠵᠢᠠᠷ ᠥᠷᠭᠡᠨ᠂ ᠬᠦ ᠴᠢᠨᠠᠷ ᠵᠢᠠᠷ ᠴᠢᠩᠭ᠎ᠠ᠂ ᠠᠮᠤ ᠪᠤᠳᠠᠭᠠᠨ ᠤ ᠴᠢᠨᠠᠷ ᠨᠢ ᠰᠠᠶᠢᠨ ᠪᠠᠶᠢᠳᠠᠭ᠃ TK601 ᠪᠣᠯ ᠳᠤᠮᠳᠠ ᠪᠠ ᠣᠷᠣᠢ ᠪᠣᠯᠪᠠᠰᠤᠷᠠᠬᠤ ᠠᠴᠠ ᠬᠠᠷᠠᠬᠠᠨ ᠡᠷᠲᠡ ᠪᠣᠯᠪᠠᠰᠤᠷᠠᠬᠤ ᠡᠭᠦᠯᠳᠡᠷ ᠪᠠᠶᠢᠵᠤ᠂ ᠨᠢᠭᠲᠠ ᠲᠠᠷᠢᠬᠤ ᠳᠤ ᠵᠣᠬᠢᠴᠠᠬᠤ ᠴᠢᠨᠠᠷ ᠰᠠᠶᠢᠨ᠂ ᠰᠡᠭᠦᠯᠴᠢ ᠵᠢᠨ ᠬᠤᠭᠤᠴᠠᠭᠠᠨ ᠳᠤ ᠤᠰᠤ ᠠᠯᠳᠠᠬᠤ ᠨᠢ ᠬᠤᠷᠳᠤᠨ᠂ ᠮᠠᠰᠢᠨ ᠵᠢᠠᠷ ᠬᠤᠷᠢᠶᠠᠬᠤ ᠳᠤ ᠲᠣᠬᠢᠷᠠᠨ᠎ᠠ᠃