ᠵᠤᠬᠢᠶᠠᠭᠴᠢ:
ᠴᠠᠭ:2025-10-06
ᠥᠵᠡᠭᠰᠡᠨ : ℃
ᠢᠷᠡᠯᠲᠡ:
ᠬᠤᠲᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠵᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠵᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
2025 9 ᠰᠠᠷ᠎ᠠ ᠵᠢᠨ 26 ᠤ ᠡᠳᠦᠷ᠂ ᠬᠤᠳᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠵᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠵᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠵᠢᠨ ᠳᠠᠷᠤᠭ᠎ᠠ • ᠳᠠᠯᠠᠨᠲᠠᠢ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠵᠢᠨ ᠶᠠᠷᠢᠶ᠎ᠠ ᠲᠠᠯᠪᠢᠵᠠᠢ᠃ ᠬᠣᠲᠠ ᠵᠢᠨ ᠨᠠᠮ ᠤᠨ ᠬᠣᠷᠢᠶ᠎ᠠ ᠵᠢᠨ ᠵᠣᠬᠢᠶᠠᠨ ᠬᠡᠯᠲᠡᠰ ᠤᠨ ᠨᠢᠭᠡᠳᠦᠭᠡᠷ ᠬᠢᠨᠠᠨ ᠪᠠᠶᠢᠴᠠᠭᠠᠬᠤ ᠳᠤᠭᠤᠶᠢᠯᠠᠩ᠂ ᠬᠣᠲᠠ ᠵᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠣᠯᠣᠨ ᠬᠢᠨᠠᠨ ᠪᠠᠶᠢᠴᠠᠭᠠᠬᠤ ᠬᠣᠷᠢᠶ᠎ᠠ ᠵᠢᠨ ᠬᠠᠮᠢᠶ᠎ᠠ ᠪᠦᠬᠦᠢ ᠨᠥᠬᠥᠳ ᠬᠤᠷᠠᠯ ᠳᠤ ᠣᠷᠣᠯᠴᠠᠵᠤ ᠵᠢᠭᠠᠨ ᠵᠢᠯᠣᠭᠣᠳᠪᠠ᠃
ᠬᠤᠳᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠲᠤᠰ ᠤᠳᠠᠭ᠎ᠠ ᠵᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠤᠨ ᠲᠥᠰᠥᠯ ᠢ ᠨᠠᠷᠢᠨ ᠨᠢᠮᠪᠠᠢ ᠲᠣᠭᠲᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠥᠷᠭᠡᠨ ᠵᠢᠡᠷ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠯᠴᠠᠬᠤ ᠵᠢ ᠭᠦᠨᠵᠡᠭᠡᠢ ᠥᠷᠨᠢᠭᠦᠯᠬᠦ ᠪᠠ ᠠᠰᠠᠭᠤᠳᠠᠯ ᠢ ᠭᠦᠨᠵᠡᠭᠡᠢ ᠵᠠᠳᠠᠯᠤᠨ ᠪᠠᠶᠢᠴᠠᠭᠠᠵᠤ ᠳᠡᠯᠭᠡᠭᠰᠡᠨ ᠰᠠᠭᠤᠷᠢᠨ ᠳᠡᠭᠡᠷ᠎ᠡ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠪᠦᠷᠢᠯᠳᠦᠭᠦᠯᠵᠦ᠂ ᠲᠤᠰ ᠤᠳᠠᠭ᠎ᠠ ᠵᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃
ᠬᠤᠷᠠᠯ ᠠᠴᠠ ᠬᠣᠲᠠ ᠵᠢᠨ ᠨᠠᠮ ᠤᠨ ᠬᠣᠷᠢᠶ᠎ᠠ ᠵᠢᠨ ᠪᠠᠶᠢᠩᠭᠤ ᠵᠢᠨ ᠬᠣᠷᠢᠶ᠎ᠠ ᠵᠢᠨ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠵᠢᠴᠢ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ • ᠳᠠᠯᠠᠨᠲᠠᠢ ᠬᠤᠲᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠭᠤᠭᠤᠯᠤᠨ ᠪᠠᠶᠢᠴᠠᠭᠠᠬᠤ ᠵᠢᠨ ᠬᠠᠮᠲᠤ ᠲᠦᠷᠦᠭᠦᠯᠡᠨ ᠬᠠᠷᠭᠤᠭᠤᠯᠤᠨ ᠪᠠᠶᠢᠴᠠᠭᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠭᠦᠨ ᠭᠡᠰᠢᠭᠦᠳ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃
• ᠳᠠᠯᠠᠨᠲᠠᠢ ᠳ᠋ᠦᠩᠨᠡᠯᠲᠡ ᠵᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠵᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠤᠯᠠᠨ ᠤ ᠬᠠᠮᠲᠤ ᠵᠢᠨ ᠴᠢᠷᠮᠠᠶᠢᠯᠭ᠎ᠠ ᠪᠠᠷ ᠵᠢᠱᠢᠭᠰᠡᠨ ᠦᠷ᠎ᠡ ᠪᠦᠲᠦᠮᠵᠢ ᠵᠢ ᠣᠯᠵᠤ᠂ ᠠᠰᠠᠭᠤᠳᠠᠯ ᠢ ᠪᠠᠶᠢᠴᠠᠭᠠᠨ ᠰᠢᠨᠵᠢᠬᠦ᠂ ᠬᠠᠮᠲᠤ ᠵᠢᠨ ᠲᠠᠨᠢᠯᠲᠠ ᠪᠠᠨ ᠭᠦᠨᠵᠡᠭᠡᠶᠢᠷᠡᠭᠦᠯᠬᠦ᠂ ᠪᠦᠯᠬᠦᠮᠳᠡᠯ ᠵᠢᠡᠨ ᠴᠢᠩᠭᠠᠳᠬᠠᠬᠤ᠂ ᠬᠦᠴᠦᠨ ᠵᠢᠡᠨ ᠨᠢᠭᠲᠠᠷᠠᠭᠤᠯᠬᠤ ᠵᠣᠷᠢᠯᠭ᠎ᠠ ᠳᠠᠭᠠᠨ ᠬᠦᠷᠴᠡᠢ᠃ ᠬᠤᠳᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠡᠩ ᠥᠨᠳᠥᠷ ᠵᠣᠭᠰᠣᠴᠠ ᠠᠴᠠ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠨᠡᠩ ᠴᠢᠩᠭ᠎ᠠ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠢ ᠰᠠᠶᠢᠲᠤᠷ ᠠᠳᠬᠤᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠮᠢ ᠠᠬᠤᠢ ᠵᠢᠨ ᠵᠠᠰᠠᠯᠲᠠ ᠵᠢᠨ ᠪᠣᠭᠣᠮᠲᠠ ᠵᠢ ᠰᠢᠪᠲᠤᠯᠵᠤ᠂ ᠨᠡᠩ ᠬᠠᠲᠠᠭᠤ ᠰᠤᠷᠲᠠᠯ ᠵᠢᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠢ ᠠᠬᠢᠭᠤᠯᠵᠤ᠂ 《ᠤᠲᠤ ᠥᠭᠡᠷᠡᠴᠢᠯᠡᠬᠦ》 ᠪᠠ 《ᠤᠷᠳᠤ ᠬᠤᠭᠤᠴᠠᠭ᠎ᠠ ᠪᠠᠷ ᠥᠭᠡᠷᠡᠴᠢᠯᠡᠬᠦ》ᠵᠢ ᠤᠶᠠᠯᠳᠤᠭᠤᠯᠬᠤ ᠵᠢ ᠪᠠᠷᠢᠮᠲᠠᠯᠠᠵᠤ᠂ ᠨᠢᠭᠡ ᠠᠴᠠ ᠨᠦᠭᠦᠭᠡ ᠵᠢ ᠵᠦᠢᠴᠢᠯᠡᠨ ᠮᠡᠳᠡᠵᠦ᠂ ᠳᠦᠷᠢᠮ ᠲᠣᠭᠲᠠᠭᠠᠯ ᠲᠣᠭᠲᠠᠭᠠᠵᠤ᠂ ᠡᠯ᠎ᠡ ᠵᠦᠢᠯ ᠤᠨ ᠡᠭᠦᠷᠭᠡ ᠵᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ《ᠰᠡᠭᠦᠯᠴᠢ ᠵᠢᠨ ᠬᠠᠭᠠᠰ ᠵᠣᠬᠢᠶᠠᠯ》 ᠢ ᠰᠠᠶᠢᠲᠤᠷ ᠵᠣᠬᠢᠶᠠᠨ ᠨᠠᠶᠢᠷᠠᠭᠤᠯᠬᠤ ᠬᠡᠷᠡᠭᠲᠡᠢ ᠭᠡᠪᠡ᠃