ᠵᠤᠬᠢᠶᠠᠭᠴᠢ:
ᠴᠠᠭ:2025-11-03
ᠥᠵᠡᠭᠰᠡᠨ : ℃
ᠢᠷᠡᠯᠲᠡ:
ᠪᠦᠭᠦ ᠬᠣᠲᠠ ᠵᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶᠢᠰᠢᠶᠠᠬᠤ ᠶᠡᠬᠡ ᠬᠤᠷᠠᠯ ᠬᠤᠷᠠᠯᠳᠤᠪᠠ
ᠮᠧᠩ ᠰᠢᠶᠠᠨ ᠳ᠋ᠦᠩ ᠶᠠᠷᠢᠶ᠎ᠠ ᠲᠠᠯᠪᠢᠵᠤ ·ᠳᠠᠯᠠᠨᠲᠠᠢ ᠬᠤᠷᠠᠯ ᠢ ᠡᠷᠭᠢᠯᠡᠵᠡᠢ
2025 10 ᠵᠢᠨ 29 ᠤ ᠡᠳᠦᠷ᠂ ᠬᠣᠲᠠ ᠵᠢᠨ ᠨᠠᠮ ᠤᠨ ᠬᠣᠷᠢᠶ᠎ᠠ᠂ ᠵᠠᠰᠠᠭ ᠤᠨ ᠣᠷᠳᠣᠨ ᠪᠦᠭᠦ ᠬᠣᠲᠠ ᠵᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶᠢᠰᠢᠶᠠᠬᠤ ᠶᠡᠬᠡ ᠬᠤᠷᠠᠯ ᠢ ᠬᠤᠷᠠᠯᠳᠤᠭᠤᠯᠪᠠ᠃ ᠮᠧᠩ ᠰᠢᠶᠠᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ·ᠳᠠᠯᠠᠨᠲᠠᠢ ᠬᠤᠷᠠᠯ ᠢ ᠡᠷᠭᠢᠯᠡᠵᠡᠢ᠃ ᠬᠤᠷᠠᠯ ᠳᠡᠭᠡᠷ᠎ᠡ᠂ ᠸᠠᠩ ᠭᠠᠩ ᠪᠦᠭᠦ ᠬᠤᠲᠠ ᠵᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠢᠨ ᠵᠢᠱᠢᠶᠡᠴᠢ ᠬᠠᠮᠲᠤ ᠪᠣᠯᠣᠨ ᠵᠢᠱᠢᠶᠡᠴᠢ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ ᠢ ᠤᠩᠰᠢᠨ ᠨᠡᠶᠢᠲᠡᠯᠡᠵᠦ᠂ ᠬᠤᠲᠠ ᠵᠢᠨ ᠤᠳᠤᠷᠢᠳᠤᠯᠭ᠎ᠠ ᠬᠥᠬᠢᠭᠦᠯᠦᠨ ᠰᠠᠶᠢᠰᠢᠶᠠᠭᠳᠠᠭᠰᠠᠨ ᠵᠢᠱᠢᠶᠡᠴᠢ ᠬᠠᠮᠲᠤ ᠨᠡᠶᠢᠳᠡ ᠪᠣᠯᠣᠨ ᠬᠤᠪᠢ ᠬᠥᠮᠥᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃
ᠮᠧᠩ ᠰᠢᠶᠠᠨ ᠳ᠋ᠦᠩ ᠬᠣᠲᠠ ᠵᠢᠨ ᠨᠠᠮ ᠤᠨ ᠬᠣᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠬᠥᠬᠢᠭᠦᠯᠦᠯ ᠭᠥᠷᠳᠡᠭᠰᠡᠨ ᠵᠢᠱᠢᠶᠡᠴᠢ ᠬᠠᠮᠲᠤ ᠨᠡᠶᠢᠳᠡ ᠪᠣᠯᠣᠨ ᠬᠤᠪᠢ ᠬᠥᠮᠥᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠳᠡ ᠨᠠᠷ ᠤᠨ ᠢᠷᠠᠭᠤ ᠠᠯᠳᠠᠷ ᠵᠢᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠨ᠂ ᠳᠠᠭᠤᠷᠢᠶᠠᠯ ᠤᠨ ᠦᠢᠯᠡᠳᠦᠯ ᠵᠢᠡᠨ ᠰᠠᠶᠢᠲᠤᠷ ᠪᠠᠳᠠᠷᠠᠭᠤᠯᠵᠤ᠂ ᠳᠠᠭᠤᠷᠢᠶᠠᠯ ᠤᠨ ᠬᠦᠴᠦᠨ ᠢ ᠳᠠᠮᠵᠢᠭᠤᠯᠤᠨ᠂ ᠪᠦᠭᠦ ᠬᠤᠳᠠ ᠵᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠵᠢᠨ ᠦᠢᠯᠡᠰ ᠢ ᠠᠬᠢᠭᠤᠯᠬᠤ ᠳᠤ ᠲᠠᠭᠢᠨ ᠰᠢᠨ᠎ᠡ ᠭᠠᠪᠢᠶ᠎ᠠ ᠵᠢᠳᠬᠦᠯ ᠵᠢ ᠵᠣᠷᠢᠭᠵᠢᠭᠤᠯᠬᠤ ᠵᠢᠨ ᠬᠠᠮᠲᠤ᠂ ᠪᠦᠭᠦ ᠬᠤᠳᠠ ᠵᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠲᠠᠢ ᠠᠳᠠᠯᠢᠳᠬᠠᠨ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠳᠤ ᠨᠡᠩ ᠶᠡᠬᠡ ᠬᠦᠴᠦᠨ ᠴᠢᠳᠠᠯ ᠵᠢᠠᠨ ᠡᠷᠭᠦᠭᠡᠷᠡᠢ ᠭᠡᠵᠦ ᠤᠷᠢᠶᠠᠯᠠᠪᠠ᠃
ᠮᠧᠩ ᠰᠢᠶᠠᠨ ᠳ᠋ᠦᠩ ᠶᠠᠷᠢᠶᠠᠨ ᠳᠠᠭᠠᠨ᠂ ᠣᠶᠢᠷ᠎ᠠ ᠵᠢᠨ ᠵᠢᠯ ᠠᠴᠠ ᠨᠠᠭᠠᠰᠢ᠂ ᠪᠦᠭᠦ ᠬᠣᠲᠠ ᠵᠢᠨ ᠤᠯᠤᠰ ᠲᠥᠷᠥ ᠠᠮᠤᠷ ᠲᠣᠭᠲᠠᠭᠤᠨ᠂ ᠦᠨᠳᠦᠰᠦᠲᠡᠨ ᠪᠦᠯᠬᠦᠮᠳᠡᠯ ᠲᠠᠢ᠂ ᠠᠵᠤ ᠠᠬᠤᠢ ᠬᠥᠭᠵᠢᠵᠦ᠂ ᠠᠷᠠᠳ ᠤᠨ ᠠᠮᠢᠳᠤᠷᠠᠯ ᠰᠠᠶᠢᠵᠢᠷᠠᠭᠰᠠᠨ ᠠᠮᠢᠳᠤᠯᠢᠭ ᠪᠠᠶᠢᠳᠠᠯ ᠲᠠᠰᠤᠷᠠᠯᠲᠠ ᠦᠭᠡᠢ ᠪᠡᠬᠢᠵᠢᠵᠦ᠂ ᠦᠷᠭᠦᠯᠵᠢᠯᠡᠨ ᠰᠠᠶᠢᠵᠢᠷᠠᠵᠤ ᠪᠠᠶᠢᠨ᠎ᠠ᠂ ᠡᠶᠢᠮᠦᠷᠬᠦ ᠠᠮᠢᠳᠤᠯᠢᠭ ᠪᠠᠶᠢᠳᠠᠯ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭᠠᠨ ᠤ ᠰᠠᠭᠤᠷᠢ ᠦᠷᠭᠦᠯᠵᠢᠯᠡᠨ ᠪᠡᠬᠢᠵᠢᠵᠦ᠂ ᠦᠢᠯᠡᠳᠦᠯᠭᠡ ᠵᠢᠨ ᠠᠴᠢᠶᠠᠯᠠᠪᠤᠷᠢ ᠲᠠᠰᠤᠷᠠᠯᠲᠠ ᠦᠭᠡᠢ ᠪᠠᠶᠠᠯᠢᠭᠵᠢᠨ᠂ ᠭᠦᠭ ᠠᠮᠢᠰᠬᠤᠯ ᠣᠷᠴᠢᠨ ᠨᠥᠬᠥᠴᠡᠯ ᠳᠡᠰᠤᠷᠡᠯᠳᠡ ᠦᠭᠡᠢ ᠰᠠᠶᠢᠵᠢᠷᠠᠵᠤ᠂ ᠪᠣᠳᠠᠰ ᠤᠨ ᠰᠠᠭᠤᠷᠢ ᠲᠦᠷᠭᠡᠨ ᠪᠡᠬᠢᠵᠢᠭᠰᠡᠨ ᠳᠡᠭᠡᠷ᠎ᠡ ᠲᠥᠪᠯᠡᠷᠡᠩᠭᠦᠢ ᠢᠯᠡᠷᠡᠵᠦ ᠪᠠᠶᠢᠨ᠎ᠠ᠃ ᠡᠳᠡᠭᠡᠷ ᠠᠮᠵᠢᠯᠲᠠ ᠪᠦᠲᠦᠮᠵᠢ ᠵᠢ ᠣᠯᠣᠭᠰᠠᠨ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠵᠢᠡᠨ ᠨᠢᠭᠡᠳᠬᠡᠨ ᠴᠢᠷᠮᠠᠶᠢᠨ ᠠᠵᠢᠯᠯᠠᠵᠤ᠂ ᠬᠠᠷᠠᠮ ᠦᠭᠡᠢ ᠵᠢᠳᠬᠦᠭᠰᠡᠨ᠂ ᠪᠦᠭᠦ ᠬᠤᠲᠠ ᠵᠢᠨ ᠠᠷᠠᠳ ᠲᠦᠮᠡᠨ ᠤ ᠤᠶᠤᠨ ᠤᠬᠠᠭᠠᠨ ᠪᠠ ᠠᠤᠭ᠎ᠠ ᠶᠡᠬᠡ ᠬᠦᠴᠦᠨ ᠴᠢᠳᠠᠯ ᠢ ᠨᠢᠭᠲᠠᠷᠠᠭᠤᠯᠵᠤ᠂ ᠬᠠᠮᠲᠤ ᠪᠠᠷ ᠴᠢᠷᠮᠠᠶᠢᠭᠰᠠᠨ ᠳᠤ ᠪᠠᠶᠢᠨ᠎ᠠ ᠭᠡᠪᠡ᠃
ᠮᠧᠩ ᠰᠢᠶᠠᠨ ᠳ᠋ᠦᠩ ᠶᠠᠷᠢᠶᠠᠨ ᠳᠠᠭᠠᠨ᠂ ᠰᠢᠨ᠎ᠡ ᠠᠶᠠᠨ ᠳᠤ ᠮᠣᠷᠳᠠᠬᠤ ᠳᠤ᠂ ᠶᠡᠷᠦᠩᠬᠡᠢ ᠱᠦᠵᠢ ᠰᠢ ᠵᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠡᠯ᠎ᠡ ᠳᠦᠷᠦᠯ ᠤᠨ ᠠᠵᠢᠯ ᠤᠨ ᠳᠤᠮᠳᠠ ᠪᠠᠨ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠣᠣᠯ ᠰᠢᠵᠢᠮ ᠢ ᠰᠠᠶᠢᠲᠤᠷ ᠵᠢ ᠪᠠᠷᠢᠮᠲᠠᠯᠠᠨ᠂ ᠲᠦᠩᠯᠢᠶᠣᠣ ᠵᠢᠨ ᠨᠡᠶᠢᠭᠡᠮ ᠵᠢᠷᠤᠮᠲᠤ ᠣᠳᠣᠬᠢᠴᠢᠯᠠᠯᠲᠠ ᠵᠢ ᠦᠨᠳᠦᠰᠦᠨ ᠳᠡᠭᠡᠨ ᠪᠡᠶᠡᠯᠡᠭᠦᠯᠬᠦ ᠡᠯ᠎ᠡ ᠵᠦᠢᠯ ᠤᠨ ᠬᠠᠷᠠᠯᠲᠠ ᠡᠭᠦᠷᠭᠡ ᠵᠢᠨ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠵᠢᠨ ᠬᠤᠭᠤᠴᠠᠭᠠᠨ ᠳᠤ ᠰᠶᠢ᠍ᠳᠪᠦᠷᠢᠯᠡᠭᠴᠢ ᠴᠢᠨᠠᠷᠲᠠᠢ ᠠᠬᠢᠴᠠ ᠲᠠᠢ ᠪᠤᠯᠬᠤ ᠵᠢ ᠪᠦᠭᠦ ᠬᠦᠴᠦᠨ ᠵᠢᠡᠷ ᠵᠢᠡᠨ ᠪᠠᠲᠤᠯᠠᠬᠤ ᠬᠡᠷᠡᠭᠲᠡᠢ᠃ ᠵᠥᠪ ᠣᠨᠣᠪᠴᠢᠲᠠᠢ ᠲᠡᠦᠬᠡ ᠵᠢᠨ ᠦᠵᠡᠯᠲᠡ ᠪᠠ ᠰᠣᠶᠣᠯ ᠤᠨ ᠦᠵᠡᠯᠲᠡ ᠵᠢ ᠪᠠᠲᠤ ᠪᠤᠢ ᠪᠤᠯᠭᠠᠵᠤ᠂ 《ᠢᠲᠡᠭᠡᠯ ᠪᠢᠰᠢᠷᠡᠯ ᠠᠳᠠᠯᠢ》 ᠪᠠᠶᠢᠬᠤ ᠦᠵᠡᠯ ᠰᠠᠨᠠᠭᠠᠨ ᠤ ᠰᠠᠭᠤᠷᠢ ᠵᠢ ᠬᠦᠴᠦᠯᠡᠨ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠵᠢ ᠦᠷᠭᠦᠯᠵᠢᠯᠡᠨ ᠴᠢᠩᠭᠠᠳᠬᠠᠵᠤ᠂ ᠣᠳᠣᠬᠢᠴᠢᠯᠠᠭᠰᠠᠨ ᠲᠦᠩᠯᠢᠶᠣᠣ ᠵᠢᠨ ᠪᠦᠲᠦᠭᠡᠨ ᠪᠠᠶᠢᠭᠤᠯᠤᠯᠲᠠ ᠵᠢᠨ ᠪᠣᠳᠠᠰ ᠤᠨ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠭᠦᠨᠴᠡ ᠵᠢ ᠪᠦᠭᠦ ᠲᠠᠯ᠎ᠠ ᠪᠠᠷ ᠥᠷᠭᠡᠳᠬᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠵᠢᠨ ᠦᠢᠯᠡᠰ ᠤᠨ ᠰᠢᠨ᠎ᠡ ᠬᠠᠭᠤᠳᠠᠰᠤ ᠵᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃
ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠬᠣᠰᠢᠭᠤ ᠰᠢᠶᠠᠨ ᠬᠣᠲᠠ ᠲᠣᠭᠣᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃