ᠵᠤᠬᠢᠶᠠᠭᠴᠢ:
ᠴᠠᠭ:2025-11-14
ᠥᠵᠡᠭᠰᠡᠨ : ℃
ᠢᠷᠡᠯᠲᠡ:
ᠲᠦᠩᠯᠢᠶᠣᠣ ᠬᠣᠲᠠ ᠶ᠋ᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠡᠬᠢ ᠡᠨᠧᠷᠭᠢ ᠬᠢᠭᠡᠳ ᠪᠠᠶᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤᠨ ᠬᠢᠷᠢ ᠪᠦᠲᠦᠮᠵᠢ ᠣᠯᠠᠨ ᠤ ᠠᠩᠬᠠᠷᠤᠯ ᠢ ᠲᠠᠲᠠᠪᠠ
ᠲᠦᠷᠦᠭᠦᠬᠡᠨ᠂ ᠲᠦᠩᠯᠢᠶᠣᠣ ᠬᠣᠲᠠ ᠳᠤ ᠬᠤᠷᠠᠯᠳᠤᠭᠤᠯᠤᠭᠰᠠᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶ᠋ᠢ ᠴᠢᠨᠠᠷ ᠰᠠᠶᠢᠲᠠᠢ ᠪᠡᠶᠡᠯᠡᠭᠦᠯᠦᠭᠰᠡᠨ 《ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ 》 ᠮᠡᠳᠡᠭᠡ ᠨᠡᠶᠢᠲᠡᠯᠡᠬᠦ ᠲᠤᠰᠬᠠᠢ ᠲᠠᠯᠠᠪᠤᠷ ᠤᠨ ᠬᠤᠷᠠᠯ ᠢᠶᠠᠷ᠂ ᠲᠦᠩᠯᠢᠶᠣᠣ ᠬᠣᠲᠠ ᠶ᠋ᠢᠨ ᠨᠡᠶᠢᠲᠡᠯᠡᠭᠰᠡᠨ ᠬᠢᠷᠢ ᠪᠦᠲᠦᠮᠵᠢ ᠮᠠᠰᠢ ᠰᠢᠯᠢᠳᠡᠭ ᠪᠠᠶᠢᠯ᠎ᠠ᠃
ᠡᠨᠧᠷᠭᠢ ᠶ᠋ᠢᠨ ᠬᠠᠩᠭᠠᠯᠭ᠎ᠠ ᠶ᠋ᠢᠨ ᠴᠢᠳᠠᠪᠤᠷᠢ ᠢᠯᠡᠳᠲᠡ ᠳᠡᠭᠡᠭᠰᠢᠯᠡᠪᠡ᠃ 2024 ᠣᠨ ᠤ ᠵᠢᠯ ᠦᠨ ᠡᠴᠦᠰ ᠪᠣᠯᠲᠠᠯ᠎ᠠ᠂ ᠲᠣᠰ ᠬᠣᠲᠠ ᠶ᠋ᠢᠨ ᠬᠠᠷᠢᠶᠠᠨ ᠳᠠᠬᠢ ᠨᠡᠭᠦᠷᠡᠰᠦᠨ ᠠᠭᠤᠷᠬᠠᠢ 14 ᠪᠠᠶᠢᠵᠤ᠂ ᠵᠢᠯ ᠦᠨ ᠦᠢᠯᠡᠳᠪᠦᠷᠢᠯᠡᠬᠦ ᠴᠢᠳᠠᠮᠵᠢ ᠨᠢ 5785 ᠲᠦᠮᠡᠨ ᠲᠣᠨ ᠳᠤ ᠬᠦᠷᠴᠦ᠂《ᠠᠷᠪᠠᠨ ᠭᠤᠷᠪᠠᠳᠤᠭᠠᠷ ᠲᠠᠪᠤᠨ ᠵᠢᠯ》 ᠦᠨ ᠲᠥᠯᠦᠪᠵᠢᠭᠦᠯᠭᠡ ᠶ᠋ᠢᠨ ᠬᠤᠭᠤᠴᠠᠭᠠᠨ ᠤ ᠰᠡᠭᠦᠯᠴᠢ ᠶ᠋ᠢᠨ ᠬᠢ ᠡᠴᠡ 7% ᠪᠠᠷ ᠳᠡᠭᠡᠭᠰᠢᠯᠡᠵᠡᠢ ᠴᠠᠬᠢᠯᠭᠠᠨ ᠬᠦᠴᠦᠨ ᠦ ᠶᠡᠷᠦᠩᠬᠡᠢ ᠮᠠᠰᠢᠨ ᠴᠣᠭᠴᠠᠯᠠᠪᠤᠷᠢ ᠶ᠋ᠢᠨ ᠪᠠᠭᠲᠠᠭᠠᠮᠵᠢ 2362.9 ᠲᠦᠮᠡᠨ ᠺᠢᠯᠣᠸᠠᠲ ᠲᠤ ᠬᠦᠷᠴᠦ᠂《ᠠᠷᠪᠠᠨ ᠭᠤᠷᠪᠠᠳᠤᠭᠠᠷ ᠲᠠᠪᠤᠨ ᠵᠢᠯ》 ᠦᠨ ᠲᠥᠯᠦᠪᠵᠢᠭᠦᠯᠭᠡ ᠶ᠋ᠢᠨ ᠬᠤᠭᠤᠴᠠᠭᠠᠨ ᠤ ᠰᠡᠭᠦᠯᠴᠢ ᠶ᠋ᠢᠨ ᠬᠢ ᠡᠴᠡ 1.9 ᠳᠠᠬᠢᠨ ᠪᠣᠯᠵᠤ᠂ ᠵᠢᠯ ᠦᠨ ᠴᠠᠬᠢᠯᠭᠠᠨ ᠭᠠᠷᠭᠠᠭᠰᠠᠨ ᠬᠡᠮᠵᠢᠶ᠎ᠡ 751.22 ᠳ᠋ᠦᠩᠰᠢᠭᠤᠷ ᠭᠷᠡᠳᠦ᠋ᠰ ᠲᠦ ᠬᠦᠷᠴᠦ᠂ ᠠᠳᠠᠯᠢ ᠬᠤᠭᠤᠴᠠᠭᠠᠨ ᠤ ᠬᠢ ᠡᠴᠡ 30% ᠪᠠᠷ ᠨᠡᠮᠡᠭᠳᠡᠵᠡᠢ ᠪᠠᠶᠢᠭᠠᠯᠢ ᠶ᠋ᠢᠨ ᠰᠢᠲᠠᠮᠠᠬᠠᠢ ᠬᠡᠢ ᠶ᠋ᠢ ᠳᠠᠮᠵᠢᠭᠤᠯᠬᠤ ᠬᠣᠭᠣᠯᠠᠢ ᠭᠤᠤᠷᠰᠤ ᠶ᠋ᠢᠨ ᠶᠡᠷᠦᠩᠬᠡᠢ ᠣᠷᠳᠣ 826.83 ᠺᠢᠯᠣᠮᠧᠲᠷ ᠲᠦ ᠬᠦᠷᠴᠦ᠂《ᠲᠦᠩᠯᠢᠶᠣᠣ ᠳᠦ ᠪᠠᠶᠢᠭᠠᠯᠢ ᠶ᠋ᠢᠨ ᠰᠢᠲᠠᠮᠠᠬᠠᠢ ᠬᠡᠢ ᠶ᠋ᠢ ᠪᠦᠷᠬᠦᠭᠦᠯᠬᠦ》 ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃
ᠪᠣᠬᠢᠷᠳᠦᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶ᠋ᠢ ᠬᠥᠭᠵᠢᠯᠲᠡ ᠶ᠋ᠢᠨ ᠭᠣᠣᠯ ᠥᠩᠭᠡ ᠠᠶᠠᠰ ᠪᠣᠯᠭᠠᠪᠠ᠃ 2024 ᠣᠨ ᠳᠤ᠂ ᠲᠦᠩᠯᠢᠶᠣᠣ ᠬᠤᠳᠠ ᠶ᠋ᠢᠨ ᠰᠢᠨ᠎ᠡ ᠡᠨᠧᠷᠭᠢ ᠶ᠋ᠢᠨ ᠮᠠᠰᠢᠨ ᠴᠣᠭᠴᠠᠯᠠᠪᠤᠷᠢ ᠶ᠋ᠢᠨ ᠪᠠᠭᠲᠠᠭᠠᠮᠵᠢ 1410 ᠲᠦᠮᠡᠨ ᠺᠢᠯᠣᠸᠠᠲ ᠲᠤ ᠬᠦᠷᠴᠦ᠂ ᠪᠦᠬᠦ ᠬᠤᠳᠠ ᠶ᠋ᠢᠨ ᠴᠠᠬᠢᠯᠭᠠᠨ ᠬᠦᠴᠦᠨ ᠦ ᠶᠡᠷᠦᠩᠬᠡᠢ ᠮᠠᠰᠢᠨ ᠴᠣᠭᠴᠠᠯᠠᠪᠤᠷᠢ ᠶ᠋ᠢᠨ 60% ᠶ᠋ᠢ ᠡᠵᠡᠯᠡᠵᠦ᠂ ᠵᠢᠯ ᠦᠨ ᠴᠠᠬᠢᠯᠭᠠᠨ ᠭᠠᠷᠭᠠᠭᠰᠠᠨ ᠬᠡᠮᠵᠢᠶ᠎ᠡ 251.84 ᠳ᠋ᠦᠩᠰᠢᠭᠤᠷ ᠭᠷᠡᠳᠦ᠋ᠰ ᠲᠦ ᠬᠦᠷᠴᠦ᠂ ᠪᠠᠷᠤᠭ ᠴᠠᠬᠢᠯᠭᠠᠨ ᠭᠠᠷᠭᠠᠭᠰᠠᠨ ᠪᠦᠬᠦ ᠬᠡᠮᠵᠢᠶᠡᠨ ᠦ ᠭᠤᠷᠪᠠᠨ ᠤ ᠨᠢᠭᠡ ᠬᠤᠪᠢ ᠶ᠋ᠢ ᠡᠵᠡᠯᠡᠵᠦ᠂ ᠪᠦᠬᠦ ᠬᠤᠳᠠ ᠶ᠋ᠢᠨ ᠴᠠᠬᠢᠯᠭᠠᠨ ᠬᠡᠷᠡᠭᠯᠡᠭᠰᠡᠨ ᠬᠡᠮᠵᠢᠶᠡᠨ ᠳᠡᠬᠢ ᠪᠣᠬᠢᠷᠳᠣᠯ ᠦᠭᠡᠢ ᠴᠠᠬᠢᠯᠭᠠᠨ ᠬᠦᠴᠦᠨ ᠦ ᠡᠵᠡᠯᠡᠬᠦ ᠬᠠᠷᠢᠴᠠᠯ 24% ᠶ᠋ᠢ ᠳᠠᠪᠠᠪᠠ᠃
ᠡᠨᠧᠷᠭᠢ ᠶ᠋ᠢᠨ ᠥᠪᠡᠷ ᠦᠨ ᠥᠷᠲᠡᠭ ᠢᠶᠡᠷ ᠥᠨᠳᠥᠷ ᠪᠠᠶᠢᠭ᠎ᠠ ᠠᠵᠤ ᠦᠢᠯᠡᠰ ᠲᠦ ᠴᠢᠭᠯᠡᠭᠦᠯᠦᠨ᠂ ᠲᠦᠩᠯᠢᠶᠣᠣ ᠬᠣᠲᠠ 《ᠰᠤᠷᠪᠤᠯᠵᠢ ᠲᠣᠣᠷ ᠳᠠᠭᠠᠭᠠᠴᠠ ᠨᠥᠭᠡᠴᠡ》 ᠶ᠋ᠢᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠪᠠᠶᠢᠭᠤᠯᠬᠤ ᠶ᠋ᠢ ᠳᠡᠮᠵᠢᠭᠰᠡᠨ ᠢᠶᠡᠷ᠂ ᠲᠥᠷᠥᠯ ᠵᠦᠢᠯ ᠦᠨ ᠶᠡᠷᠦᠩᠬᠡᠶᠢᠯᠡᠭᠰᠡᠨ ᠪᠣᠬᠢᠷᠳᠣᠯ ᠦᠭᠡᠢ ᠴᠠᠬᠢᠯᠭᠠᠨ ᠤ ᠡᠵᠡᠯᠡᠬᠦ ᠬᠤᠪᠢ ᠶ᠋ᠢᠨ ᠵᠢᠩ 70% ᠳᠤ ᠬᠦᠷᠴᠡᠢ᠃ ᠬᠣᠲᠠ᠂ ᠬᠣᠰᠢᠭᠤ ᠵᠡᠷᠭᠡ ᠭᠠᠵᠠᠷ ᠤᠨ ᠬᠦᠷᠢᠶᠡᠯᠡᠩ ᠲᠣᠭᠣᠷᠢᠭ ᠲᠡᠬᠢ ᠴᠠᠬᠢᠯᠭᠠᠨ ᠤ ᠳᠣᠬᠢᠷᠠᠭᠤᠯᠭ᠎ᠠ ᠶ᠋ᠢ ᠨᠡᠮᠡᠭᠳᠡᠭᠦᠯᠬᠦ ᠠᠵᠢᠯ ᠳᠤ ᠥᠭᠡᠷᠡᠴᠢᠯᠡᠯᠲᠡ ᠬᠢᠬᠦ ᠶ᠋ᠢ ᠬᠡᠷᠡᠭᠵᠢᠭᠦᠯᠵᠦ᠂ ᠡᠷᠦᠬᠡ ᠳᠦ ᠣᠷᠣᠭᠤᠯᠵᠤ ᠬᠡᠷᠡᠭᠯᠡᠬᠦ ᠴᠠᠬᠢᠯᠭᠠᠨ ᠤ ᠳᠤᠮᠳᠠᠴᠢ ᠦᠨ᠎ᠡ ᠶ᠋ᠢ 15%-27% ᠪᠠᠷ ᠪᠠᠭᠤᠷᠠᠭᠤᠯᠤᠭᠰᠠᠨ ᠪᠠᠶᠢᠨ᠎ᠠ᠃《ᠪᠣᠬᠢᠷᠳᠣᠯ ᠦᠭᠡᠢ ᠴᠠᠬᠢᠯᠭᠠᠨ ᠢᠶᠠᠷ ᠴᠢᠳᠠᠮᠵᠢ ᠶ᠋ᠢ ᠨᠢ ᠡᠷᠴᠢᠮᠯᠡᠬᠦ᠂ ᠴᠠᠬᠢᠯᠭᠠᠨ ᠡᠨ᠋ᠸᠷᠭᠢ ᠶ᠋ᠢ ᠣᠷᠣᠯᠠᠭᠤᠯᠬᠤ᠂ ᠬᠤᠳᠠᠯᠳᠤᠭᠠᠴᠢᠨ ᠤᠷᠢᠬᠤ》ᠬᠡᠪ ᠵᠠᠭᠪᠤᠷ ᠢᠶᠠᠷ ᠳᠠᠮᠵᠢᠭᠤᠯᠤᠨ᠂ ᠪᠣᠬᠢᠷᠳᠣᠯ ᠦᠭᠡᠢ ᠴᠠᠬᠢᠯᠭᠠᠨ ᠢᠶᠡᠷ ᠬᠥᠩᠭᠡᠨ ᠴᠠᠭᠠᠨ ᠦᠢᠯᠡᠳᠪᠦᠷᠢᠯᠡᠬᠦ᠂ ᠰᠠᠯᠬᠢᠨ ᠬᠦᠴᠦᠨ ᠦ ᠴᠠᠬᠢᠯᠭᠠᠨ ᠤ ᠲᠣᠨᠣᠭ ᠲᠥᠬᠦᠭᠡᠷᠦᠮᠵᠢ ᠦᠢᠯᠡᠳᠬᠦ᠂ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠵᠡᠷᠭᠡ ᠠᠵᠤ ᠦᠢᠯᠡᠰ ᠦᠨ ᠪᠦᠯᠦᠭᠵᠢᠯ ᠢ ᠠᠮᠵᠢᠯᠲᠠ ᠲᠠᠢ ᠪᠣᠶᠢᠵᠢᠭᠤᠯᠵᠤ᠂《ᠪᠣᠬᠢᠷᠳᠣᠯ ᠦᠭᠡᠢ ᠴᠠᠬᠢᠯᠭᠠᠨ ᠢᠶᠠᠷ ᠲᠥᠷᠥᠯ ᠵᠦᠢᠯ ᠢ ᠳᠠᠲᠠᠬᠤ ︱ ᠲᠥᠷᠥᠯ ᠵᠦᠢᠯ ᠢᠶᠡᠷ ᠠᠵᠤ ᠦᠢᠯᠡᠰ ᠢ ᠳᠠᠶᠢᠴᠢᠯᠠᠬᠤ ︱ ᠠᠵᠤ ᠦᠢᠯᠡᠰ ᠢᠶᠠᠷ ᠪᠣᠬᠢᠷᠳᠣᠯ ᠦᠭᠡᠢ ᠴᠠᠬᠢᠯᠭᠠᠨ ᠢ ᠠᠰᠢᠭᠯᠠᠬᠤ ᠪᠠᠨ ᠠᠬᠢᠭᠤᠯᠬᠤ》 ᠰᠠᠶᠢᠨ ᠣᠷᠴᠢᠯ ᠢ ᠪᠣᠶ ᠪᠣᠯᠭᠠᠪᠠ᠃
ᠪᠠᠶᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤᠨ ᠬᠠᠶᠢᠨ ᠪᠠᠶᠢᠴᠠᠭᠠᠯᠲᠠ ᠳᠤ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠪᠠ᠃ ᠬᠣᠰᠢᠭᠤᠨ ᠡᠴᠡ ᠬᠠᠶᠢᠨ ᠲᠣᠳᠣᠯᠠᠭᠰᠠᠨ ᠪᠠᠶᠢᠭᠠᠯᠢ ᠶ᠋ᠢᠨ ᠬᠤᠵᠢᠷ ᠤᠨ ᠡᠬᠢ ᠪᠠᠶᠠᠯᠢᠭ ᠤᠨ ᠬᠡᠮᠵᠢᠶ᠎ᠡ 20.77 ᠳ᠋ᠦᠩᠰᠢᠭᠤᠷ ᠲᠣᠨ ᠳᠤ ᠬᠦᠷᠴᠦ᠂ ᠴᠢᠯᠠᠭᠤᠨ ᠳᠠᠪᠤᠰᠤᠨ ᠤ ᠡᠬᠢ ᠪᠠᠶᠠᠯᠢᠭ ᠤᠨ ᠬᠡᠮᠵᠢᠶ᠎ᠡ 13.74 ᠳ᠋ᠦᠩᠰᠢᠭᠤᠷ ᠲᠣᠨ ᠳᠤ ᠬᠥᠷᠥᠭᠰᠡᠨ ᠪᠣᠯᠬᠣᠷ ᠣᠳᠣᠬᠠᠨ ᠳᠤ ᠠᠽᠢᠶ᠎ᠠ ᠲᠢᠪ ᠲᠠᠬᠢ ᠪᠠᠶᠢᠴᠠᠭᠠᠨ ᠲᠣᠳᠣᠯᠠᠭᠰᠠᠨ ᠡᠬᠢ ᠪᠠᠶᠠᠯᠢᠭ ᠤᠨ ᠬᠠᠳᠠᠭᠠᠯᠠᠭᠳᠠᠴᠠ ᠶ᠋ᠢᠨ ᠬᠡᠪᠴᠢᠶ᠎ᠡ ᠪᠡᠷ ᠬᠠᠮᠤᠭ ᠤᠨ ᠶᠡᠬᠡ ᠬᠤᠵᠢᠷ ᠤᠨ ᠠᠭᠤᠷᠬᠠᠢ ᠪᠣᠯᠵᠠᠢ᠂ ᠲᠣᠰ ᠠᠭᠤᠷᠬᠠᠢ ᠶ᠋ᠢᠨ ᠡᠷᠬᠡ ᠶ᠋ᠢ 2025 ᠣᠨ ᠤ 6 ᠳ᠋ᠤᠭᠠᠷ ᠰᠠᠷ᠎ᠠ ᠳᠤ 68 ᠳ᠋ᠦᠩᠰᠢᠭᠤᠷ ᠲᠥᠭᠥᠷᠢᠭ ᠢᠶᠡᠷ ᠠᠮᠵᠢᠯᠲᠠ ᠲᠠᠢ ᠰᠢᠯᠵᠢᠭᠦᠯᠦᠨ ᠬᠤᠳᠠᠯᠳᠤᠵᠤ᠂ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠰ ᠦᠨ ᠪᠦᠯᠦᠭᠵᠢᠯ ᠪᠠᠶᠢᠭᠤᠯᠬᠤ ᠳᠦ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠤᠨ ᠠᠭᠤᠷᠬᠠᠢ ᠶ᠋ᠢᠨ ᠣᠷᠣᠨ ᠤ ᠨᠦᠬᠡᠨ ᠦ ᠠᠭᠤᠷᠬᠠᠢ ᠶ᠋ᠢᠨ ᠠᠢ ᠰᠠᠪᠠ ᠶ᠋ᠢ ᠵᠠᠬ᠎ᠠ ᠳᠡᠯᠭᠡᠭᠦᠷᠴᠢᠯᠡᠨ ᠬᠤᠳᠠᠯᠳᠤᠭᠰᠠᠨ ᠠᠰᠢᠭ ᠣᠷᠣᠯᠭ᠎ᠠ 65 ᠳ᠋ᠦᠩᠰᠢᠭᠤᠷ ᠲᠥᠭᠥᠷᠢᠭ ᠲᠦ ᠬᠦᠷᠴᠦ᠂ ᠨᠡᠭᠦᠷᠡᠰᠦᠨ ᠦ ᠡᠬᠢ ᠪᠠᠶᠠᠯᠢᠭ ᠤᠨ ᠬᠠᠳᠠᠭᠠᠯᠠᠭᠳᠠᠴᠠ ᠶ᠋ᠢ 20.1 ᠳ᠋ᠦᠩᠰᠢᠭᠤᠷ ᠲᠣᠨ ᠰᠢᠨ᠎ᠡ ᠪᠡᠷ ᠨᠡᠮᠡᠭᠳᠡᠭᠦᠯᠵᠦ᠂ ᠵᠢᠯ ᠦᠨ ᠦᠢᠯᠡᠳᠪᠦᠷᠢᠯᠡᠬᠦ ᠴᠢᠳᠠᠮᠵᠢ ᠶ᠋ᠢ 1100 ᠲᠦᠮᠡᠨ ᠲᠣᠨ ᠰᠢᠨ᠎ᠡ ᠪᠡᠷ ᠨᠡᠮᠡᠭᠳᠡᠭᠦᠯᠪᠡ᠃
ᠡᠨᠧᠷᠭᠢ ᠶ᠋ᠢᠨ ᠬᠥᠭᠵᠢᠯᠲᠡ ᠶ᠋ᠢᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶ᠋ᠢᠨ ᠬᠤᠭᠤᠴᠠᠭᠠᠨ ᠳᠤ᠂ ᠲᠦᠩᠯᠢᠶᠣᠣ ᠬᠤᠳᠠ ᠨᠡᠢᠳᠡ 27.53 ᠳ᠋ᠦᠩᠰᠢᠭᠤᠷ ᠲᠥᠭᠥᠷᠢᠭ ᠦᠨ ᠪᠡᠯᠡ ᠣᠷᠣᠭᠤᠯᠵᠤ ᠬᠥᠳᠡᠭᠡ ᠲᠣᠰᠬᠣᠨ ᠤ ᠴᠠᠬᠢᠯᠭᠠᠨ ᠬᠦᠴᠦᠨ ᠦ ᠲᠣᠣᠷ ᠢ ᠳᠡᠰ ᠳᠡᠪᠰᠢᠭᠦᠯᠵᠦ᠂ ᠴᠠᠬᠢᠯᠭᠠᠨ ᠬᠦᠴᠦᠨ ᠦ ᠬᠠᠩᠭᠠᠯᠭ᠎ᠠ ᠶ᠋ᠢᠨ ᠨᠠᠶᠢᠳᠠᠪᠤᠷᠢᠲᠠᠢ ᠨᠤᠷᠮ᠎ᠠ᠂ ᠴᠠᠬᠢᠯᠭᠠᠨ ᠬᠦᠴᠦᠳᠡᠯ ᠦᠨ ᠬᠢᠷᠢ ᠲᠡᠩᠴᠡᠭᠰᠡᠨ ᠨᠤᠷᠮ᠎ᠠ ᠳᠤᠮᠳᠠᠴᠢ ᠪᠠᠷ 99.9% ᠳᠤ ᠬᠦᠷᠴᠦ᠂ 《ᠬᠠᠯᠠᠮᠵᠢ ᠶ᠋ᠢᠨ ᠨᠡᠭᠦᠷᠡᠰᠦ》 ᠨᠡᠢᠢᠳᠡ 193.3 ᠲᠦᠮᠡᠨ ᠲᠣᠨ ᠬᠠᠩᠭᠠᠵᠤ᠂ ᠮᠠᠯᠴᠢᠨ ᠲᠠᠷᠢᠶᠠᠴᠢᠳ ᠤᠨ ᠳᠤᠯᠠᠭᠠᠬᠠᠨ ᠡᠪᠦᠯᠵᠢᠬᠦ ᠶ᠋ᠢ ᠪᠠᠲᠤᠯᠠᠪᠠ᠃