ᠵᠤᠬᠢᠶᠠᠭᠴᠢ:
ᠴᠠᠭ:2025-11-21
ᠥᠵᠡᠭᠰᠡᠨ : ℃
ᠢᠷᠡᠯᠲᠡ:
ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠠ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠮᠠᠨ ᠤ ᠬᠤᠳᠠ ᠳᠤ ᠢᠷᠡᠵᠦ ᠤᠬᠠᠭᠤᠯᠤᠨ ᠲᠠᠶᠢᠯᠪᠤᠷᠢᠯᠠᠪᠠ
2025 11 ᠰᠠᠷ᠎ᠠ ᠶᠢᠨ 17 ᠦ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠮᠠᠨ ᠤ ᠬᠤᠳᠠ ᠳᠤ ᠢᠷᠡᠵᠦ ᠤᠬᠠᠭᠤᠯᠤᠨ ᠲᠠᠶᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ ᠪᠠᠶᠢᠩᠭᠤ ᠵᠢᠨ ᠭᠡᠰᠢᠭᠦᠨ᠂ ᠬᠤᠳᠠ ᠵᠢᠨ ᠨᠠᠮ ᠤᠨ ᠬᠣᠷᠢᠶ᠎ᠠ ᠵᠢᠨ ᠱᠦᠵᠢ ᠮᠧᠩ ᠰᠢᠶᠠᠨ ᠳ᠋ᠦᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠬᠣᠷᠢᠶ᠎ᠠ ᠵᠢᠨ ᠱᠦᠵᠢ ᠵᠢᠶᠠᠨ ᠰᠢᠶᠣᠣ ᠸᠸᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ • ᠳᠠᠯᠠᠨᠲᠠᠢ ᠣᠷᠣᠯᠴᠠᠪᠠ᠃
ᠮᠡᠳᠡᠭᠦᠯᠦᠯᠲᠡ ᠵᠢᠨ ᠬᠤᠷᠠᠯ ᠳᠡᠭᠡᠷ᠎ᠡ᠂ ᠵᠢᠶᠠᠨ ᠰᠢᠶᠣᠣ ᠸᠸᠨ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶᠢᠯᠠᠭᠠᠬᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠪᠦᠭᠦ ᠲᠠᠯ᠎ᠠ ᠪᠠᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠣᠯ ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠭᠡ ᠲᠠᠯ᠎ᠠ ᠪᠠᠷ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠨᠠᠷᠢᠨ ᠲᠠᠶᠢᠯᠪᠤᠷᠢᠯᠠᠪᠠ᠃
ᠮᠧᠩ ᠰᠢᠶᠠᠨ ᠳ᠋ᠦᠩ ᠴᠢᠬᠤᠯᠠᠴᠢᠯᠠᠭᠰᠠᠨ ᠨᠢ᠂ ᠪᠦᠭᠦᠳᠡ ᠬᠤᠷᠠᠯ ᠤᠨ ᠴᠢᠬᠤᠯᠠ ᠶᠡᠬᠡ ᠠᠴᠢ ᠬᠣᠯᠪᠣᠭᠳᠠᠯ ᠢ ᠭᠦᠨᠵᠡᠭᠡᠢ ᠡᠵᠡᠮᠰᠢᠵᠦ᠂ ᠪᠦᠭᠦᠳᠡ ᠬᠤᠷᠠᠯ ᠠᠴᠠ ᠲᠣᠭᠲᠠᠭᠠᠭᠰᠠᠨ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ ᠪᠠ ᠦᠢᠯᠡᠳᠦᠯᠭᠡ ᠵᠢᠨ ᠱᠠᠭᠠᠷᠳᠠᠯᠭ᠎ᠠ ᠵᠢ ᠣᠨᠣᠪᠴᠢᠲᠠᠶ ᠡᠵᠡᠮᠰᠢᠨ᠂ ᠤᠯᠤᠰ ᠲᠥᠷᠥ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠵᠢᠨ ᠲᠠᠯ᠎ᠠ ᠪᠠᠷ ᠢᠮᠠᠭᠲᠠ ᠰᠢ ᠵᠢᠨ ᠫᠢᠩ ᠨᠥᠬᠥᠷ ᠵᠢᠡᠷ ᠭᠣᠣᠯᠯᠠᠭᠤᠯᠤᠭᠰᠠᠨ ᠨᠠᠮ ᠤᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ ᠢ ᠪᠣᠳᠠᠲᠠᠢ ᠪᠠᠷ ᠠᠳᠬᠤᠵᠤ᠂ ᠤᠬᠠᠭᠤᠯᠭ᠎ᠠ ᠵᠢ ᠭᠦᠨᠵᠡᠭᠡᠶᠢᠷᠡᠭᠦᠯᠦᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠵᠢ ᠴᠢᠩᠭᠠᠳᠬᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠵᠢ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠶᠢᠨ ᠤᠳᠠᠭ᠎ᠠ ᠪᠦᠷᠢ ᠵᠢᠨ ᠪᠦᠭᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ ᠤᠨ ᠥᠪᠥᠷ ᠮᠣᠩᠭᠣᠯ ᠳᠤ ᠲᠠᠯᠪᠢᠭᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠣᠶᠢᠯᠠᠭᠠᠬᠤ ᠲᠠᠢ ᠨᠢᠭᠲᠠ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠵᠢ ᠪᠠᠲᠤᠯᠠᠬᠤ ᠬᠡᠷᠡᠭᠲᠡᠢ᠃ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠵᠢ ᠪᠦᠭᠦ ᠬᠦᠴᠦᠨ ᠵᠢᠡᠷ ᠵᠢᠡᠨ ᠠᠬᠢᠭᠤᠯᠵᠤ᠂ ᠨᠠᠮ ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠵᠢ ᠪᠦᠭᠦ ᠲᠠᠯ᠎ᠠ ᠪᠠᠷ ᠂ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠵᠢᠠᠨ ᠭᠣᠣᠯ ᠰᠢᠵᠢᠮ ᠪᠤᠯᠭᠠᠬᠤ ᠵᠢ ᠪᠠᠷᠢᠮᠲᠠᠯᠠᠵᠤ᠂ 《ᠬᠣᠶᠠᠷ ᠬᠠᠯᠬᠠᠪᠴᠢ》《ᠬᠣᠶᠠᠷ ᠰᠠᠭᠤᠷᠢᠨ》《ᠨᠢᠭᠡ ᠪᠡᠬᠢᠯᠡᠯᠲᠡ》ᠵᠢ ᠪᠦᠲᠦᠭᠡᠨ ᠪᠠᠢᠭᠤᠯᠬᠤ ᠳᠤ ᠠᠩᠬᠠᠷᠤᠯ ᠵᠢᠠᠨ ᠲᠥᠪᠯᠡᠷᠡᠭᠦᠯᠦᠨ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠦᠭᠦ ᠬᠣᠲᠠ ᠵᠢᠨ ᠣᠨ ᠤ ᠠᠵᠤ ᠠᠬᠤᠢ ᠵᠢᠨ ᠠᠵᠢᠯ ᠤᠨ ᠬᠠᠷᠠᠯᠲᠠ ᠳᠤ ᠰᠢᠪᠲᠤᠯᠤᠯᠲᠠ ᠬᠢᠬᠦ ᠳᠠᠶᠢᠴᠢᠯᠠᠯᠲᠠ ᠵᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠵᠢ ᠴᠢᠩᠭ᠎ᠠ ᠨᠠᠶᠢᠳᠠᠪᠤᠷᠢᠵᠢᠭᠤᠯᠵᠤ᠂ ᠦᠷ᠎ᠡ ᠳ᠋ᠦᠩ ᠵᠢᠡᠷ ᠤᠳᠤᠷᠢᠳᠤᠮᠵᠢ ᠪᠤᠯᠭᠠᠬᠤ ᠵᠢ ᠴᠢᠩᠭᠠᠳᠬᠠᠨ᠂ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠤᠬᠠᠮᠰᠠᠷ ᠢ ᠪᠠᠲᠤ ᠪᠤᠢ ᠪᠤᠯᠭᠠᠵᠤ᠂ ᠠᠵᠤ ᠠᠬᠤᠢ ᠵᠢᠨ ᠡᠷᠭᠢᠯᠲᠡ ᠵᠢ ᠬᠢᠨᠠᠨ ᠬᠡᠮᠵᠢᠵᠦ ᠵᠣᠬᠢᠴᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠭᠣᠣᠯᠳᠠᠯᠭ᠎ᠠ ᠲᠠᠢ ᠠᠵᠢᠯ ᠢ ᠨᠢᠭᠡ ᠮᠥᠴᠡ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠵᠢ ᠲᠣᠭᠲᠠᠪᠤᠷᠢᠵᠢᠭᠤᠯᠬᠤ ᠪᠠᠷ ᠪᠦᠭᠦ ᠬᠦᠴᠦᠨ ᠵᠢᠡᠷ ᠵᠢᠡᠨ ᠴᠢᠷᠮᠠᠶᠢᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠵᠢᠨ ᠬᠠᠷᠠᠯᠲᠠ ᠵᠢ ᠡᠷᠡᠰ ᠪᠡᠶᠡᠯᠡᠭᠦᠯᠵᠦ᠂《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠵᠢᠨ ᠲᠡᠭᠦᠰ ᠠᠮᠵᠢᠯᠲᠠ ᠲᠠᠢ ᠲᠡᠭᠦᠰᠬᠦ ᠵᠢ ᠦᠨᠡᠨ ᠬᠦ ᠪᠠᠲᠤᠯᠠᠵᠤ᠂《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠵᠢᠨ ᠰᠠᠶᠢᠨ ᠰᠠᠶᠢᠬᠠᠨ ᠡᠭᠢᠯᠡᠯᠲᠡ ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠭᠡᠪᠡ᠃
ᠮᠡᠳᠡᠭᠦᠯᠦᠯᠲᠡ ᠵᠢᠨ ᠬᠤᠷᠠᠯ ᠲᠡᠭᠦᠰᠦᠭᠰᠡᠨ ᠤ ᠳᠠᠷᠠᠭ᠎ᠠ᠂ ᠵᠢᠶᠠᠨ ᠰᠢᠶᠣᠣ ᠸᠸᠨ ᠨᠠᠷ ᠪᠠᠰᠠ ᠬᠣᠷᠴᠢᠨ ᠲᠣᠭᠣᠷᠢᠭ ᠤᠨ ᠤᠯᠠᠭᠠᠨᠮᠥ᠋ᠴᠢᠷ ᠲᠤ ᠭᠦᠨᠵᠡᠭᠡᠶᠢᠷᠡᠵᠦ᠂ ᠰᠢᠨ᠎ᠡ ᠴᠠᠭ ᠦᠶ᠎ᠡ ᠵᠢᠨ ᠤᠳᠬ᠎ᠠ ᠤᠷᠠᠯᠢᠭ ᠤᠨ ᠰᠢᠨ᠎ᠡ ᠵᠢ ᠡᠭᠦᠳᠦᠨ ᠬᠥᠭᠵᠢᠬᠦ᠂ ᠰᠣᠶᠣᠯ ᠤᠨ ᠨᠠᠷᠠᠲᠤ ᠲᠥᠷᠥᠯ ᠲᠡᠮᠳᠡᠭᠲᠦ ᠵᠢ ᠡᠭᠦᠳᠬᠦ ᠵᠡᠷᠭᠡ ᠠᠭᠤᠯᠭ᠎ᠠ ᠵᠢᠨ ᠲᠣᠭᠣᠷᠢᠨ ᠳᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠠᠵᠢᠯᠲᠠᠳ ᠲᠠᠢ ᠰᠠᠨᠠᠯ ᠵᠢᠠᠨ ᠰᠣᠯᠢᠯᠴᠠᠪᠠ᠃