ᠵᠤᠬᠢᠶᠠᠭᠴᠢ:
ᠴᠠᠭ:2025-12-26
ᠥᠵᠡᠭᠰᠡᠨ : ℃
ᠢᠷᠡᠯᠲᠡ:
·ᠳᠠᠯᠠᠨᠲᠠᠢ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠳᠤ ᠬᠦᠷᠴᠦ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠤᠬᠠᠭᠤᠯᠤᠨ ᠲᠠᠶᠢᠯᠪᠤᠷᠢᠯᠠᠪᠠ
2025 12 ᠰᠠᠷ᠎ᠠ ᠵᠢᠨ 17 ᠤ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠲᠦᠩᠯᠢᠶᠣᠣ ᠬᠤᠳᠠ ᠵᠢᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠮᠡᠳᠡᠭᠦᠯᠦᠯᠲᠡ ᠵᠢᠨ ᠬᠤᠷᠠᠯ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠳᠤ ᠶᠠᠪᠤᠭᠳᠠᠪᠠ᠃ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ·ᠳᠠᠯᠠᠨᠲᠠᠢ《ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠠ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠪᠦᠲᠦᠭᠡᠨ ᠪᠠᠶᠢᠭᠤᠯᠤᠯᠲᠠ ᠵᠢᠨ ᠰᠢᠨ᠎ᠡ ᠡᠭᠦᠷᠭᠡ ᠵᠢ ᠵᠣᠷᠢᠭᠲᠠᠢ ᠪᠠᠷ ᠡᠭᠦᠷᠭᠡᠯᠡᠶ᠎ᠡ》ᠭᠡᠬᠦ ᠭᠣᠣᠯ ᠰᠡᠳᠦᠪᠲᠦ ᠮᠡᠳᠡᠭᠦᠯᠦᠯᠲᠡ ᠬᠢᠵᠡᠢ᠃
ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ·ᠳᠠᠯᠠᠨᠲᠠᠢ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠵᠢᠨ ᠬᠤᠭᠤᠴᠠᠭᠠᠨ ᠳᠤ ᠣᠯᠣᠭᠰᠠᠨ ᠬᠥᠭᠵᠢᠯᠲᠡ ᠵᠢᠨ ᠠᠮᠵᠢᠯᠲᠠ ᠵᠢ ᠰᠢᠰᠲᠸᠮ ᠲᠠᠢ ᠡᠷᠭᠢᠴᠡᠭᠦᠯᠵᠦ᠂ ᠬᠥᠭᠵᠢᠯᠲᠡ ᠵᠢᠨ ᠶᠡᠬᠡ ᠲᠠᠯ᠎ᠠ ᠳᠤ ᠰᠠᠭᠤᠷᠢᠯᠠᠨ᠂ ᠲᠦᠩᠯᠢᠶᠣᠣ ᠵᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠵᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠵᠢᠨ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠵᠠᠷᠴᠢᠮ᠂ ᠭᠣᠣᠯ ᠬᠠᠷᠠᠯᠲᠠ᠂ ᠪᠠᠶᠢᠯᠳᠤᠬᠤ ᠪᠣᠳᠣᠯᠭ᠎ᠠ ᠵᠢᠨ ᠡᠭᠦᠷᠭᠡ ᠪᠣᠯᠣᠨ ᠴᠢᠬᠤᠯᠠ ᠶᠡᠬᠡ ᠠᠷᠭ᠎ᠠ ᠬᠡᠮᠵᠢᠶ᠎ᠡ ᠵᠢ ᠠᠮᠢᠳᠤᠯᠢᠭ ᠵᠢᠠᠷ ᠲᠠᠶᠢᠯᠪᠤᠷᠢᠯᠠᠵᠠᠢ᠃
·ᠳᠠᠯᠠᠨᠲᠠᠢ ᠴᠢᠬᠤᠯᠠᠴᠢᠯᠠᠭᠰᠠᠨ ᠨᠢ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠵᠢᠨ ᠬᠤᠭᠤᠴᠠᠭᠠᠨ ᠤ ᠶᠡᠷᠦ ᠪᠤᠰᠤ ᠵᠢᠨ ᠠᠮᠵᠢᠯᠲᠠ ᠵᠢ ᠡᠷᠭᠢᠴᠡᠭᠦᠯᠬᠦ ᠳᠤᠮᠳᠠ᠂ ᠬᠥᠭᠵᠢᠯᠲᠡ ᠵᠢᠨ ᠢᠲᠡᠭᠡᠯ ᠵᠣᠷᠢᠭ ᠵᠢᠠᠨ ᠪᠠᠲᠤᠳᠬᠠᠵᠤ᠂《ᠬᠣᠶᠠᠷ ᠢ ᠲᠣᠭᠲᠠᠭᠠᠭᠰᠠᠨ》 ᠤ ᠰᠶᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ ᠢ ᠭᠦᠨᠵᠡᠭᠡᠢ ᠣᠶᠢᠯᠠᠭᠠᠵᠤ᠂《ᠬᠣᠶᠠᠷ ᠢ ᠬᠠᠮᠠᠭᠠᠯᠠᠬᠤ》ᠵᠢᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠨ᠂ ᠠᠯᠬᠤᠮ ᠨᠢᠭᠡᠲᠡᠢ ᠪᠠᠷ ᠨᠠᠮ ᠤᠨ ᠲᠥᠪ ᠬᠣᠷᠢᠶ᠎ᠠ ᠵᠢᠨ ᠲᠣᠭᠲᠠᠭᠠᠭᠰᠠᠨ ᠠᠤᠭ᠎ᠠ ᠬᠠᠷᠠᠯᠲᠠ ᠲᠡᠶᠢᠰᠢ ᠪᠦᠯᠬᠦᠮᠳᠡᠨ ᠲᠡᠮᠡᠴᠡᠬᠦ ᠬᠡᠷᠡᠭᠲᠡᠢ᠃《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠵᠢᠨ ᠬᠤᠭᠤᠴᠠᠭᠠᠨ ᠤ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠵᠠᠷᠴᠢᠮ ᠪᠣᠯᠣᠨ ᠪᠠᠶᠢᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠣᠷᠢᠶ᠎ᠠ ᠵᠢᠨ ᠰᠶᠢ᠍ᠳᠪᠦᠷᠢᠲᠦ ᠪᠣᠳᠣᠯᠭ᠎ᠠ ᠵᠢᠨ ᠵᠣᠷᠢᠯᠲᠠ᠂ ᠲᠦᠷᠦ ᠵᠢᠨ ᠪᠣᠳᠣᠯᠭ᠎ᠠ ᠵᠢᠨ ᠴᠢᠭᠯᠡᠯ᠂ ᠬᠡᠷᠡᠭᠵᠢᠭᠦᠯᠬᠦ ᠠᠷᠭ᠎ᠠ ᠵᠠᠮ ᠢ ᠰᠡᠳᠬᠢᠯ ᠲᠠᠯᠪᠢᠨ ᠣᠶᠢᠯᠠᠭᠠᠵᠤ᠂ ᠥᠪᠥᠷ ᠮᠣᠩᠭᠣᠯ ᠤᠨ ᠵᠡᠭᠦᠨ ᠬᠡᠰᠡᠭ ᠤᠨ ᠣᠷᠣᠨ ᠪᠦᠰᠡ ᠵᠢᠨ ᠲᠥᠪ ᠬᠤᠳᠠ ᠵᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠶᠡᠬᠡ ᠰᠢᠪᠲᠤᠯᠤᠯᠲᠠ ᠭᠠᠷᠭᠠᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ《ᠰᠢᠨ᠎ᠡ ᠵᠠᠮ ᠢ ᠨᠡᠭᠡᠭᠡᠬᠦ》ᠦᠢᠯᠡᠳᠦᠯᠭᠡ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ ᠰᠢᠨ᠎ᠡ ᠴᠠᠭ ᠦᠶ᠎ᠡ ᠵᠢᠨ ᠵᠡᠭᠦᠨ ᠬᠣᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤᠮᠳᠠ ᠡᠮᠦᠨ᠎ᠡ ᠡᠩᠨᠡᠭᠡᠨ ᠳᠤ ᠴᠢᠷᠮᠠᠶᠢᠨ ᠶᠠᠪᠤᠬᠤ ᠬᠡᠷᠡᠭᠲᠡᠢ᠃《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠵᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠵᠢᠨ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠪᠠᠶᠢᠭᠤᠯᠤᠯᠲᠠ᠂ ᠪᠦᠭᠦ ᠲᠠᠯ᠎ᠠ ᠪᠠᠷ ᠪᠣᠬᠢᠷᠳᠤᠯ ᠦᠭᠡᠢ ᠪᠠᠷ ᠭᠡᠯᠪᠡᠷᠢ ᠪᠠᠨ ᠬᠤᠪᠢᠷᠠᠭᠤᠯᠬᠤ᠂ ᠬᠠᠮᠲᠤ ᠪᠠᠷ ᠴᠢᠨᠡᠭᠡᠯᠢᠭᠵᠢᠬᠦ ᠵᠢ ᠠᠬᠢᠭᠤᠯᠬᠤ ᠵᠡᠷᠭᠡ ᠭᠣᠣᠯᠳᠠᠯᠭ᠎ᠠ ᠲᠠᠢ ᠡᠭᠦᠷᠭᠡ ᠳᠤ ᠠᠩᠬᠠᠷᠤᠯ ᠵᠢᠠᠨ ᠲᠥᠪᠯᠡᠷᠡᠭᠦᠯᠵᠦ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠲᠦᠷᠭᠡᠪᠴᠢᠯᠡᠨ ᠨᠥᠬᠥᠪᠦᠷᠢᠯᠡᠵᠦ᠂《ᠪᠦᠭᠦ ᠲᠠᠯ᠎ᠠ ᠪᠠᠷ ᠬᠤᠷᠳᠤᠴᠠ ᠪᠠᠨ ᠳᠡᠭᠡᠭᠰᠢᠯᠡᠭᠦᠯᠦᠨ ᠨᠡᠬᠡᠵᠦ ᠭᠦᠢᠴᠡᠬᠦ᠂ ᠴᠢᠨᠠᠷ ᠰᠠᠶᠢᠲᠠᠢ ᠳᠠᠪᠠᠯᠲᠠ ᠲᠠᠢ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ》ᠵᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠡ᠃
ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠤ ᠬᠣᠰᠢᠭᠤᠨ ᠳᠠᠭᠠᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠬᠠᠮᠢᠶ᠎ᠠ ᠪᠦᠬᠦᠢ ᠨᠢᠭᠡᠴᠢ᠂ ᠰᠤᠮᠤ ᠰᠢᠶᠠᠩ ᠪᠠᠯᠭᠠᠰᠤ ᠲᠠᠯᠠᠪᠠᠶ︵ᠵᠡᠭᠡᠯᠢ ᠭᠤᠳᠤᠮᠵᠢ︶ᠵᠢᠨ ᠮᠡᠳᠡᠭᠦᠯᠦᠯᠲᠡ ᠵᠢ ᠰᠣᠨᠣᠰᠪᠠ᠃