ᠵᠤᠬᠢᠶᠠᠭᠴᠢ:
ᠴᠠᠭ:2026-01-06
ᠥᠵᠡᠭᠰᠡᠨ : ℃
ᠢᠷᠡᠯᠲᠡ:
ᠪᠦᠭᠦ ᠬᠣᠲᠠ ᠵᠢᠨ ᠵᠢᠯ ᠤᠨ ᠡᠴᠦᠰ ᠰᠢᠨ᠎ᠡ ᠵᠢᠯ ᠤᠨ ᠡᠬᠢᠨ ᠤ ᠦᠢᠯᠡᠳᠪᠦᠷᠢᠯᠡᠯ ᠵᠢᠴᠢ ᠥᠨᠳᠥᠷ ᠪᠠᠷᠢᠯᠭ᠎ᠠ ᠵᠢᠨ ᠬᠦᠨᠳᠦ ᠨᠣᠴᠢᠲᠠᠢ ᠭᠠᠯ ᠤᠨ ᠤᠨ ᠠᠶᠤᠯ ᠲᠦᠭᠰᠢᠭᠦᠷᠢ ᠵᠢᠨ ᠳᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯ ᠤᠨ ᠲ᠋ᠧᠯᠸᠢᠰ ᠤᠲᠠᠰᠤᠲᠤ ᠬᠤᠷᠠᠯ ᠬᠤᠷᠠᠯᠳᠤᠪᠠ
2025 12 ᠰᠠᠷ᠎ᠠ ᠵᠢᠨ 26 ᠤ ᠡᠳᠦᠷ᠂ ᠪᠦᠭᠦ ᠬᠤᠳᠠ ᠵᠢᠨ ᠵᠢᠯ ᠤᠨ ᠰᠡᠭᠦᠯᠴᠢ ᠰᠢᠨ᠎ᠡ ᠵᠢᠯ ᠤᠨ ᠡᠬᠢᠨ ᠤ ᠦᠢᠯᠡᠳᠪᠦᠷᠢᠯᠡᠯ ᠵᠢᠴᠢ ᠥᠨᠳᠥᠷ ᠪᠠᠷᠢᠯᠭ᠎ᠠ ᠵᠢᠨ ᠬᠦᠨᠳᠦ ᠨᠣᠴᠢᠲᠠᠢ ᠭᠠᠯ ᠤᠨ ᠤᠨ ᠠᠶᠤᠯ ᠲᠦᠭᠰᠢᠭᠦᠷᠢ ᠵᠢᠨ ᠭᠡᠮ ᠰᠣᠭᠣᠭ ᠢ ᠪᠠᠶᠢᠴᠠᠭᠠᠨ ᠴᠡᠭᠴᠡᠯᠡᠬᠦ ᠠᠵᠢᠯ ᠤᠨ ᠲ᠋ᠧᠯᠸᠢᠰ ᠤᠲᠠᠰᠤᠲᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠵᠢ ᠤᠯᠠᠮᠵᠢᠯᠠᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠪᠣᠯᠣᠨ ᠥᠨᠳᠥᠷ ᠪᠠᠷᠢᠯᠭ᠎ᠠ ᠵᠢᠨ ᠬᠦᠨᠳᠦ ᠨᠣᠴᠢᠲᠠᠢ ᠭᠠᠯ ᠤᠨ ᠤᠨ ᠠᠶᠤᠯ ᠲᠦᠭᠰᠢᠭᠦᠷᠢ ᠵᠢᠨ ᠭᠡᠮ ᠰᠣᠭᠣᠭ ᠢ ᠪᠠᠶᠢᠴᠠᠭᠠᠨ ᠴᠡᠭᠴᠡᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ · ᠳᠠᠯᠠᠨᠲᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠣᠲᠠ ᠵᠢᠨ ᠤᠳᠤᠷᠢᠳᠤᠯᠭ᠎ᠠ ᠨᠢᠦ ᠸᠸᠨ ᠵᠢᠶᠦ᠋ᠨ᠂ ᠯᠢᠦᠢ ᠭᠦᠸᠧ ᠬᠤᠸᠠ᠂ ᠶᠠᠩ ᠬᠤᠸᠠᠨ ᡁᠢ᠂ ᠬᠤᠸᠠᠩ ᠭᠠᠩ᠂ ᠹᠧᠩ ᠰᠢᠤᠸᠠᠢ ᠴᠧᠨ ᠣᠷᠣᠯᠴᠠᠵᠠᠢ᠃
· ᠳᠠᠯᠠᠨᠲᠠᠢ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠦᠨᠳᠦ ᠨᠣᠴᠢᠲᠠᠢ ᠪᠠᠶᠢᠳᠠᠯ ᠢ ᠰᠡᠷᠭᠡᠭ ᠵᠢᠡᠷ ᠲᠠᠨᠢᠵᠤ᠂《ᠴᠠᠭ ᠢᠮᠠᠭᠲᠠ ᠰᠠᠨᠠᠭ᠎ᠠ ᠠᠮᠤᠷ ᠪᠠᠶᠢᠬᠤ ᠦᠭᠡᠢ》ᠬᠠᠷᠢᠭᠤᠴᠠᠯᠭᠠᠲᠤ ᠰᠡᠳᠬᠢᠯᠭᠡ ᠪᠠᠷ ᠵᠢᠯ ᠤᠨ ᠡᠴᠦᠰ ᠰᠢᠨ᠎ᠡ ᠵᠢᠯ ᠤᠨ ᠡᠬᠢᠨ ᠤ ᠦᠢᠯᠡᠳᠪᠦᠷᠢᠯᠡᠯ ᠪᠣᠯᠣᠨ ᠥᠨᠳᠥᠷ ᠪᠠᠷᠢᠯᠭ᠎ᠠ ᠵᠢᠨ ᠬᠦᠨᠳᠦ ᠨᠣᠴᠢᠲᠠᠢ ᠭᠠᠯ ᠤᠨ ᠤᠨ ᠠᠶᠤᠯ ᠲᠦᠭᠰᠢᠭᠦᠷᠢ ᠵᠢᠨ ᠭᠡᠮ ᠰᠣᠭᠣᠭ ᠢ ᠪᠠᠶᠢᠴᠠᠭᠠᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠲᠣᠪᠣᠶᠢᠮ᠎ᠠ ᠠᠰᠠᠭᠤᠳᠠᠯ ᠳᠤ ᠠᠩᠬᠠᠷᠤᠯ ᠵᠢᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠵᠢᠵᠢᠭ ᠲᠠᠯᠠᠪᠤᠷ ᠭᠠᠵᠠᠷ》᠂ ᠣᠯᠠᠨ ᠡᠵᠡᠩᠨᠡᠯᠲᠡ ᠵᠢᠨ ᠭᠡᠯᠪᠡᠷᠢ ᠪᠠᠶᠢᠳᠠᠯ ᠲᠠᠢ ᠬᠣᠯᠢᠮᠠᠭ ᠡᠵᠡᠩᠨᠡᠯᠲᠡ ᠵᠢᠨ ᠲᠠᠯᠠᠪᠤᠷ ᠭᠠᠵᠠᠷ᠂ ᠰᠠᠭᠤᠭᠠᠯᠢ ᠠᠷᠠᠳ ᠤᠨ ᠣᠷᠣᠨ ᠰᠠᠭᠤᠴᠠ ᠵᠡᠷᠭᠡ ᠭᠣᠣᠯᠳᠠᠯᠭ᠎ᠠ ᠲᠠᠢ ᠲᠠᠯᠠᠪᠤᠷ ᠭᠠᠵᠠᠷ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠭᠤᠷᠬᠠᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠵᠢᠨ ᠠᠵᠢᠯ᠂ ᠬᠤᠸᠠᠷ ᠫᠤᠤᠵᠢᠩ ᠵᠡᠷᠭᠡ ᠭᠣᠣᠯᠳᠠᠯᠭ᠎ᠠ ᠲᠠᠢ ᠬᠦᠷᠢᠶ᠎ᠡ ᠴᠠᠷᠠᠭ᠎ᠠ ᠵᠢᠨ ᠠᠶᠤᠯ ᠲᠦᠭᠰᠢᠭᠦᠷᠢ ᠵᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢ ᠴᠢᠩᠭᠠᠳᠬᠠᠵᠤ᠂《ᠨᠢᠭᠡ ᠶᠠᠪᠤᠳᠠᠯ》 ᠢ ᠪᠦᠭᠦ ᠬᠡᠯᠬᠢᠶ᠎ᠡ ᠪᠠᠷ ᠴᠡᠭᠴᠡᠯᠡᠨ ᠵᠠᠰᠠᠬᠤ ᠵᠢ ᠭᠦᠨᠵᠡᠭᠡᠶᠢᠷᠡᠭᠦᠯᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠣᠭ ᠢ ᠪᠦᠭᠦ ᠲᠠᠯ᠎ᠠ ᠪᠠᠷ ᠠᠷᠢᠯᠭᠠᠬᠤ ᠬᠡᠷᠡᠭᠲᠡᠢ᠃ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠶᠢᠵᠢᠭᠤᠯᠵᠤ᠂ ᠦᠢᠯᠡᠳᠪᠦᠷᠢᠯᠡᠯ ᠤᠨ ᠡᠨᠡ ᠬᠦ ᠬᠥᠪᠴᠢ ᠵᠢ ᠴᠠᠭ ᠢᠮᠠᠭᠲᠠ ᠴᠢᠩᠭᠠᠷᠠᠭᠤᠯᠵᠤ᠂ 《ᠭᠤᠷᠪᠠ ᠵᠢ ᠬᠠᠮᠢᠶᠠᠷᠴᠤ ᠭᠤᠷᠪᠠ ᠵᠢ ᠡᠷᠬᠡᠪᠰᠢ ᠭᠦᠢᠴᠡᠳᠬᠡᠬᠦ》ᠱᠠᠭᠠᠷᠳᠠᠯᠭ᠎ᠠ ᠵᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠨᠣᠴᠢᠲᠠᠢ ᠡ᠊ᠨᠳᠡᠯ ᠭᠠᠷᠬᠤ ᠵᠢ ᠡᠷᠡᠰ ᠰᠡᠷᠭᠡᠶᠢᠯᠡᠨ ᠬᠣᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠢ ᠪᠦᠭᠦ ᠬᠦᠴᠦᠨ ᠵᠢᠡᠷ ᠵᠢᠡᠨ ᠪᠠᠲᠤᠯᠠᠬᠤ ᠬᠡᠷᠡᠭᠲᠡᠢ ᠭᠡᠪᠡ᠃
ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠬᠣᠰᠢᠭᠤ ᠰᠢᠶᠠᠨ ᠬᠣᠲᠠ ᠲᠣᠭᠣᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠠᠢ᠃