ᠵᠤᠬᠢᠶᠠᠭᠴᠢ:
ᠴᠠᠭ:2026-01-29
ᠥᠵᠡᠭᠰᠡᠨ : ℃
ᠢᠷᠡᠯᠲᠡ:
ᠬᠤᠲᠠ ᠵᠢᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ ᠤᠨ ᠶᠠᠷᠢᠯᠴᠠᠬᠤ ᠬᠤᠷᠠᠯ ᠬᠤᠷᠠᠯᠳᠤᠪᠠ
2026 1 ᠰᠠᠷ᠎ᠠ ᠵᠢᠨ 27 ᠤ ᠡᠳᠦᠷ᠂ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ᠴᠢ᠊·ᠳᠠᠯᠠᠨᠲᠠᠢ ᠬᠤᠳᠠ ᠵᠢᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠣᠶᠠᠷ ᠲᠠᠯ᠎ᠠ ᠪᠠᠷ ᠵᠢᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢ ᠠᠬᠢᠭᠤᠯᠬᠤ ᠵᠡᠷᠭᠡ ᠶᠠᠪᠤᠳᠠᠯ ᠤᠨ ᠲᠣᠭᠣᠷᠢᠨ ᠳᠤ ᠭᠦᠨᠵᠡᠭᠡᠢ ᠶᠠᠷᠢᠯᠴᠠᠵᠤ ᠰᠠᠨᠠᠯ ᠵᠢᠠᠨ ᠰᠣᠯᠢᠯᠴᠠᠪᠠ᠃ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ︵ᠥᠪᠥᠷ ᠮᠣᠩᠭᠣᠯ︶ ᠤᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠵᠢᠨ ᠬᠡᠯᠲᠡᠰ ᠤᠨ ᠲᠤᠰᠬᠠᠢ ᠲᠤᠰᠢᠶᠠᠯᠲᠤ ᠳᠡᠳ᠋ ᠡᠷᠭᠢᠯᠡᠭᠴᠢ ᠵᠤᠤ ᠶᠦᠨ ᡂᠢ᠂ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠰᠢᠨ᠎ᠡ ᠡᠨᠧᠷᠭᠢ ᠵᠢᠨ ᠳᠡᠳ᠋ ᠶᠡᠷᠦᠩᠬᠡᠢ ᠳᠠᠭᠠᠭᠠᠮᠠᠯ ᠧᠦ ᠶᠠᠩ ᠵᠤᠤ ᠾᠦᠢ᠂ ᠳᠡᠳ᠋ ᠬᠤᠳᠠ ᠵᠢᠨ ᠳᠠᠷᠤᠭ᠎ᠠ ᠪᠠᠢ ᠯᠢ ᠵᠦ᠂ ᠯᠢᠦᠢ ᠭᠦᠸᠧ ᠬᠤᠸᠠ ᠣᠷᠣᠯᠴᠠᠪᠠ᠃
ᠴᠢ᠊·ᠳᠠᠯᠠᠨᠲᠠᠢ ᠵᠤᠤ ᠶᠦᠨ ᡂᠢ ᠨᠠᠷ ᠤᠨ ᠲᠦᠩᠯᠢᠶᠣᠣ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ ᠤᠨ ᠬᠢᠨ ᠤ ᠬᠠᠮᠤᠭ ᠤᠨ ᠲᠦᠷᠦᠭᠦᠨ ᠳᠤ ᠲᠦᠩᠯᠢᠶᠣᠣ ᠳᠤ ᠢᠷᠡᠵᠦ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠢ ᠵᠣᠯᠭᠠᠭᠤᠯᠬᠤ ᠬᠤᠷᠠᠯ ᠤᠨ ᠵᠣᠷᠢᠭ ᠰᠠᠨᠠᠭ᠎ᠠ ᠵᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠬᠠᠮᠲᠤᠷᠠᠯᠴᠠᠭ᠎ᠠ ᠵᠢ ᠠᠬᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ ᠲᠦᠩᠯᠢᠶᠣᠣ ᠶᠠᠭ ᠴᠡᠪᠡᠷ ᠡᠨᠧᠷᠭᠢ ᠵᠢᠨ ᠰᠤᠷᠪᠤᠯᠵᠢ ᠵᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠭᠡᠯᠪᠡᠷᠢ ᠵᠢᠨ ᠬᠤᠪᠢᠷᠠᠭᠤᠯᠤᠯᠲᠠ ᠵᠢ ᠲᠦᠷᠭᠡᠳᠬᠡᠨ ᠠᠬᠢᠭᠤᠯᠵᠤ᠂ ᠪᠣᠬᠢᠷᠳᠤᠯ ᠦᠭᠡᠢ ᠡᠨᠧᠷᠭᠢ ᠵᠢ ᠠᠵᠤ ᠦᠢᠯᠡᠰ ᠲᠠᠢ ᠵᠣᠬᠢᠴᠠᠯᠳᠤᠭᠤᠯᠤᠨ ᠬᠥᠭᠵᠢᠭᠦᠯᠬᠦ ᠵᠢ ᠪᠦᠭᠦ ᠬᠦᠴᠦᠨ ᠵᠢᠡᠷ ᠵᠢᠡᠨ ᠠᠬᠢᠭᠤᠯᠵᠤ᠂ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ ᠤᠨ ᠰᠢᠨ᠎ᠡ ᠡᠨᠧᠷᠭᠢ ᠵᠢᠨ ᠰᠤᠷᠪᠤᠯᠵᠢ ᠵᠢ ᠨᠡᠭᠡᠭᠡᠨ ᠬᠥᠭᠵᠢᠭᠦᠯᠬᠦ ᠵᠡᠷᠭᠡ ᠬᠦᠷᠢᠶᠡᠨ ᠳᠠᠬᠢ ᠪᠠᠶᠢᠯᠳᠤᠬᠤ ᠪᠣᠳᠣᠯᠭ᠎ᠠ ᠵᠢᠨ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠵᠣᠬᠢᠴᠠᠯᠳᠤᠵᠤ ᠪᠠᠶᠢᠨ᠎ᠠ᠃ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ ᠤᠨ ᠬᠢᠨ ᠲᠦᠩᠯᠢᠶᠣᠣ ᠳᠠᠬᠢ ᠪᠡᠯᠡ ᠣᠷᠣᠭᠤᠯᠤᠯᠲᠠ ᠵᠢᠨ ᠪᠠᠶᠢᠷᠢᠰᠢᠭᠤᠯᠤᠯᠲᠠ ᠪᠠᠨ ᠦᠷᠭᠦᠯᠵᠢᠯᠡᠨ ᠥᠷᠭᠡᠳᠬᠡᠵᠦ᠂ ᠬᠣᠶᠠᠷ ᠲᠠᠯ᠎ᠠ ᠵᠢᠨ ᠴᠡᠪᠡᠷ ᠡᠨᠧᠷᠭᠢ ᠵᠢᠨ ᠨᠡᠭᠡᠭᠡᠨ ᠠᠰᠢᠭᠯᠠᠯᠲᠠ᠂ ᠠᠮᠢᠳᠤ ᠪᠣᠳᠠᠰ ᠤᠨ ᠡᠮ ᠦᠢᠯᠡᠳᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠤᠣᠯ ᠢ ᠨᠢᠭᠡ ᠴᠣᠭᠴᠠᠵᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ《ᠭᠡᠷᠡᠯ ᠢᠯᠴᠢ》ᠵᠢᠨ ᠲᠦᠷᠦᠯ ᠵᠦᠢᠯ ᠤᠨ ᠲᠤᠷᠰᠢᠯᠲᠠ ᠵᠢᠨ ᠴᠡᠭ ᠤᠨ ᠲᠤᠷᠰᠢᠯᠲᠠ ᠵᠢ ᠲᠦᠷᠭᠡᠨ ᠠᠬᠢᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠵᠢ ᠠᠬᠢᠭᠤᠯᠵᠤ᠂ ᠭᠠᠷ ᠬᠣᠯᠪᠣᠨ ᠬᠠᠮᠲᠤ ᠪᠠᠷ ᠠᠰᠢᠭ ᠭᠦᠷᠳᠡᠭᠦ ᠵᠢ ᠪᠡᠶᠡᠯᠡᠭᠦᠯᠬᠦ ᠵᠢ ᠬᠦᠰᠡᠵᠦ ᠪᠠᠶᠢᠨ᠎ᠠ᠃ ᠲᠦᠩᠯᠢᠶᠣᠣ ᠬᠤᠳᠠ ᠵᠢᠨ ᠬᠢᠨ ᠦᠢᠯᠡᠴᠢᠯᠡᠭᠡᠨ ᠤ ᠪᠠᠲᠤᠯᠠᠭ᠎ᠠ ᠵᠢ ᠪᠦᠭᠦ ᠬᠦᠴᠦᠨ ᠵᠢᠡᠷ ᠵᠢᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠣᠷᠢᠨ ᠢ ᠪᠦᠷᠢᠯᠳᠦᠭᠦᠯᠦᠨ ᠥᠭᠭᠦᠨ᠎ᠡ ᠭᠡᠪᠡ᠃
ᠵᠣᠣ ᠶᠦᠨ ᡂᠢ ᠠᠵᠤ ᠠᠬᠤᠶᠢᠯᠠᠯ ᠤᠨ ᠬᠥᠭᠵᠢᠯᠲᠡ ᠵᠢᠨ ᠪᠠᠶᠢᠳᠠᠯ ᠢ ᠲᠣᠪᠴᠢ ᠲᠠᠨᠢᠯᠴᠠᠭᠤᠯᠵᠠᠢ᠃ ᠲᠡᠷᠡ ᠢᠯᠡᠷᠬᠡᠶᠢᠯᠡᠭᠰᠡᠨ ᠨᠢ᠂ ᠲᠦᠩᠯᠢᠶᠣᠣ ᠵᠢᠨ ᠡᠨᠧᠷᠭᠢ ᠵᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠠᠵᠤ ᠦᠢᠯᠡᠰ ᠤᠨ ᠰᠠᠭᠤᠷᠢ ᠪᠠᠲᠤ ᠪᠡᠬᠢ ᠪᠤᠢ᠃ ᠳᠤᠮᠳᠠᠳᠤ ᠤᠯᠤᠰ ᠤᠨ ᠴᠥᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ ᠤᠨ ᠬᠢᠨ ᠪᠡᠯᠡ ᠮᠥᠩᠭᠥ᠂ ᠮᠡᠷᠭᠡᠵᠢᠯ ᠵᠡᠷᠭᠡ ᠲᠠᠯ᠎ᠠ ᠵᠢᠨ ᠳᠠᠪᠠᠭᠤᠯᠢᠭ ᠵᠢᠠᠨ ᠭᠦᠢᠴᠡᠳ ᠪᠠᠳᠠᠷᠠᠭᠤᠯᠵᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢ ᠲᠦᠷᠭᠡᠳᠬᠡᠨ ᠠᠬᠢᠭᠤᠯᠵᠤ᠂ ᠲᠦᠩᠯᠢᠶᠣᠣ ᠵᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠵᠢᠠᠨ ᠡᠷᠭᠦᠨ᠎ᠡ ᠭᠡᠪᠡ᠃